ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/11/28
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠲᠤᠰᠬᠠᠢ ᠰᠡᠳᠦᠪᠲᠦ ᠪᠣᠯᠪᠠᠰᠤᠷᠠᠯ ᠢ ᠡᠷᠬᠢᠯᠡᠪᠡ᠃ ᠲᠢᠩᠬᠢᠮ ᠤᠨ ᠪᠠᠶᠢᠭᠤᠯᠭ᠎ᠠ ᠶᠢᠨ ᠡᠯ᠎ᠡ ᠭᠠᠵᠠᠷ ᠲᠠᠰᠤᠭ ᠲᠣᠪᠴᠢᠶ᠎ᠠ᠂ ᠲᠢᠩᠬᠢᠮ ᠤᠨ ᠬᠠᠷᠢᠶ᠎ᠠ ᠡᠯ᠎ᠡ ᠨᠢᠭᠡᠴᠡ ᠶᠢᠨ ᠬᠠᠮᠢᠶ᠎ᠠ ᠪᠦᠬᠦᠢ ᠠᠵᠢᠯᠲᠠᠨ 80 ᠭᠠᠷᠤᠢ ᠬᠥᠮᠥᠨ ᠣᠷᠣᠯᠴᠠᠵᠠᠢ᠃
1.png
      ᠪᠣᠯᠪᠠᠰᠤᠷᠠᠯ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠡ ᠵᠠᠩᠭᠢ ᠶᠢ ᠪᠠᠶᠢᠴᠠᠭᠠᠨ ᠰᠤᠳᠤᠯᠬᠤ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠢ ᠤᠷᠢᠵᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠡᠳᠬᠦᠯ ᠤᠨ ᠪᠠᠶᠢᠳᠠᠯ᠂ ᠮᠡᠳᠡᠭᠦᠯᠦᠨ ᠬᠦᠷᠭᠡᠬᠦ ᠱᠠᠭᠠᠷᠳᠠᠯᠭ᠎ᠠ᠂ ᠪᠢᠴᠢᠬᠦ ᠠᠷᠭ᠎ᠠ ᠵᠡᠷᠭᠡ ᠲᠠᠯ᠎ᠠ ᠪᠠᠷ ᠭᠤᠣᠯᠳᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠪᠣᠳᠠᠲᠠᠢ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠳᠠᠮᠵᠢᠭᠤᠯᠤᠨ᠂ ᠬᠡᠷᠬᠢᠨ ᠭᠤᠣᠯ ᠰᠡᠳᠦᠪ ᠢ ᠰᠣᠩᠭᠤᠨ ᠲᠣᠭᠲᠠᠭᠠᠬᠤ᠂ ᠭᠠᠷᠴᠠᠭ ᠢ ᠲᠤᠭᠤᠷᠪᠢᠨ ᠲᠣᠭᠲᠠᠭᠠᠬᠤ᠂ ᠦᠵᠡᠯᠲᠡ ᠪᠠᠨ ᠳᠤᠷᠠᠳᠬᠤ ᠵᠡᠷᠭᠡ ᠵᠣᠬᠢᠶᠠᠨ ᠪᠢᠴᠢᠬᠦ ᠠᠷᠭ᠎ᠠ ᠶᠢ ᠨᠠᠷᠢᠨ ᠲᠣᠳᠣᠷᠬᠠᠢ ᠥᠭᠦᠯᠡᠬᠦ ᠶᠢᠨ ᠬᠠᠮᠲᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠮᠡᠳᠡᠭᠦᠯᠦᠨ ᠬᠦᠷᠭᠡᠭᠰᠡᠨ ᠮᠡᠳᠡᠭᠡ ᠵᠠᠩᠭᠢ ᠳᠤ ᠣᠷᠣᠰᠢᠵᠤ ᠪᠠᠶᠢᠭ᠎ᠠ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠬᠠᠯᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠮᠠᠰᠢ ᠴᠢᠩᠭ᠎ᠠ ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ ᠲᠠᠢ ᠪᠣᠯᠤᠭᠰᠠᠨ ᠪᠠᠶᠢᠨ᠎ᠠ᠃
2.png
      ᠪᠣᠯᠪᠠᠰᠤᠷᠠᠯ ᠳᠤ ᠣᠷᠣᠯᠴᠠᠭᠰᠠᠨ ᠺᠠᠳ᠋ᠷᠴᠤᠳ᠂ ᠲᠣᠰ ᠤᠳᠠᠭᠠᠨ ᠤ ᠪᠣᠯᠪᠠᠰᠤᠷᠠᠯ ᠤᠨ ᠭᠤᠣᠯᠳᠠᠯᠭ᠎ᠠ ᠨᠢ ᠲᠣᠪᠣᠶᠢᠮ᠎ᠠ᠂ ᠠᠭᠤᠯᠭ᠎ᠠ ᠨᠢ ᠪᠣᠳᠠᠲᠤ ᠬᠡᠷᠡᠭᠴᠡᠭᠡ ᠲᠠᠢ ᠪᠠᠶᠢᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠬᠤᠭᠤᠴᠠᠭᠠᠲᠤ ᠴᠢᠨᠠᠷ᠂ ᠣᠨᠣᠪᠴᠢᠲᠤ ᠴᠢᠨᠠᠷ᠂ ᠰᠢᠰᠲ᠋ᠧᠮᠲᠦ ᠴᠢᠨᠠᠷ ᠢ ᠳᠡᠭᠡᠭᠰᠢᠯᠡᠭᠦᠯᠬᠦ ᠳᠤ ᠮᠠᠰᠢ ᠴᠢᠩᠭ᠎ᠠ ᠵᠢᠯᠤᠭᠤᠳᠬᠤ ᠦᠢᠯᠡᠳᠦᠯ ᠲᠠᠢ ᠪᠠᠶᠢᠨ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠤ ᠨᠡᠶᠢᠲᠡᠯᠢᠭ ᠵᠢᠱᠢᠶ᠎ᠡ ᠶᠢ ᠤᠯᠠᠮ ᠴᠢᠨᠠᠭᠰᠢᠳᠠ ᠠᠭᠤᠳᠠᠯᠤᠨ ᠳ᠋ᠦᠩᠨᠡᠵᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠣᠷᠣᠨ ᠤ ︽ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ︾ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠤ ᠵᠣᠷᠢᠭ ᠢᠶᠠᠨ ᠢᠯᠡᠳᠬᠡᠵᠦ ᠪᠠᠶᠢᠯ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号