11 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ︽ᠪᠣᠬᠢᠷᠳᠤᠯ ᠦᠭᠡᠢ ᠪᠦᠲᠦᠭᠡᠭᠳᠡᠭᠦᠨ ᠢ | ᠪᠤᠭᠤᠮᠳᠠ ᠠᠴᠠ ᠭᠠᠷᠭᠠᠬᠤ︾ ᠥᠪᠥᠷ ᠮᠣᠩᠭᠤᠯ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠡᠭᠡᠵᠢᠩ ᠳᠤ ᠤᠷᠤᠭᠤᠯᠬᠤ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠤᠨ | ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠪᠥᠬᠦ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ | ᠣᠷᠳᠣᠨ ᠳᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠪᠡᠭᠡᠵᠢᠩ | ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ ᠬᠠᠮᠲᠤᠷᠠᠨ ᠭᠤᠣᠯᠯᠠᠨ ᠡᠷᠬᠢᠯᠡᠪᠠ᠃ ᠪᠦᠬᠦ ᠤᠯᠤᠰ ᠤᠨ | ᠲᠠᠷᠢᠶᠠᠯᠠᠩ ᠤᠨ ᠦᠵᠡᠰᠬᠦᠯᠡᠩ ᠤᠨ ᠣᠷᠳᠣᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠪᠠᠶᠢᠭᠤᠯᠤᠯᠭ᠎ᠠ ᠶᠢᠨ | ᠦᠢᠯᠡᠴᠢᠯᠡᠭᠡᠨ ᠤ ᠲᠣᠪᠴᠢᠶ᠎ᠠ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠪᠡᠭᠡᠵᠢᠩ ᠬᠤᠳᠠ ᠶᠢᠨ ᠥᠪᠥᠷ ᠮᠣᠩᠭᠤᠯ ᠳᠤ ᠲᠦᠷ ᠲᠤᠰᠢᠶᠠᠯ ᠡᠭᠦᠷᠭᠡᠯᠡᠭᠦᠯᠬᠦ ᠪᠠᠷ ᠢᠷᠡᠭᠰᠡᠨ ᠺᠠᠳ᠋ᠷ ᠤᠨ | ᠪᠦᠯᠬᠦᠮ᠂ ᠪᠡᠭᠡᠵᠢᠩ ᠬᠤᠳᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠡᠰᠡᠭ | ᠬᠠᠷᠢᠭᠤᠴᠠᠯᠭᠠᠲᠠᠨ᠂ ᠪᠡᠭᠡᠵᠢᠩ ᠠᠴᠠ ᠬᠤᠳᠠᠯᠳᠤᠨ ᠠᠪᠬᠤ ᠨᠢᠭᠡᠴᠡ ᠶᠢᠨ ᠬᠡᠰᠡᠭ ᠬᠠᠷᠢᠭᠤᠴᠠᠯᠭᠠᠲᠠᠨ᠂ ᠲᠥᠪ ᠤᠨ | ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠶᠢᠨ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ | ᠵᠡᠷᠭᠡ 100 ᠭᠠᠷᠤᠢ ᠬᠥᠮᠥᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | | | | | | | | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠥᠪᠥᠷ ᠮᠣᠩᠭᠤᠯ ᠤᠨ 12 ᠠᠶᠢᠮᠠᠭ ᠬᠤᠲᠠ ᠠᠴᠠ ᠢᠷᠡᠭᠰᠡᠨ | 400 ᠭᠠᠷᠤᠢ ᠵᠦᠢᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠲᠥᠪᠯᠡᠷᠡᠭᠦᠯᠦᠨ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠵᠤ᠂ ᠥᠪᠥᠷ ᠮᠣᠩᠭᠤᠯ ᠤᠨ ︽ᠠᠮᠤ ᠪᠤᠳᠠᠭᠠᠨ ᠤ ᠰᠠᠩ︾ | ︽ᠮᠢᠬᠠᠨ ᠤ ᠬᠥᠮᠥᠷᠭᠡ︾ ︽ᠰᠦ ᠶᠢᠨ ᠬᠦᠨᠦᠭ︾ ︽ᠨᠤᠤᠯᠤᠭᠤᠷ ᠤᠨ ᠬᠤᠲᠠ︾ ︽ᠨᠣᠭᠤᠭ᠎ᠠ ᠶᠢᠨ ᠰᠠᠭᠰᠤ︾ ᠵᠡᠷᠭᠡ | ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠪᠦᠲᠦᠭᠡᠭᠳᠡᠬᠦᠨ ᠢᠶᠠᠨ ᠳᠡᠯᠭᠡᠨ | ᠦᠵᠡᠭᠦᠯᠬᠦ᠂ ᠲᠤᠬᠠᠢ ᠶᠢᠨ ᠲᠠᠯᠠᠪᠤᠷ ᠲᠤ ᠬᠤᠳᠠᠯᠳᠤᠬᠤ᠂ ᠲᠤᠷᠰᠢᠨ ᠢᠳᠡᠵᠦ ᠰᠢᠯᠭᠠᠨ ᠦᠵᠡᠬᠦ ᠵᠡᠷᠭᠡ ᠬᠡᠯᠪᠡᠷᠢ ᠪᠠᠷ | ᠳᠠᠮᠵᠢᠭᠤᠯᠤᠨ᠂ ᠨᠡᠶᠢᠰᠯᠡᠯ ᠤᠨ ᠠᠷᠠᠳ ᠢᠷᠭᠡᠳ ᠢ ᠪᠡᠭᠡᠵᠢᠩ ᠠᠴᠠ ᠭᠠᠷᠬᠤ ᠦᠭᠡᠢ ᠪᠠᠷ ︽ᠮᠢᠩᠭᠠᠨ ᠭᠠᠵᠠᠷ ᠤᠨ | ᠲᠠᠯ᠎ᠠ ᠨᠤᠲᠤᠭ᠂ ᠲᠦᠮᠡᠨ ᠡᠾᠧᠺᠲᠷ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ ᠤᠨ ᠪᠣᠬᠢᠷᠲᠤᠯ | ᠦᠭᠡᠢ ᠰᠠᠶᠢᠬᠠᠨ ᠦᠨᠦᠷ ᠠᠮᠲᠠ︾ ᠶᠢ ᠰᠢᠯᠭᠠᠨ ᠦᠵᠡᠭᠦᠯᠵᠠᠢ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠨᠢ ᠪᠥᠬᠦ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠣᠷᠳᠣᠨ ᠲᠠᠢ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ | ᠬᠡᠳᠦᠨ ᠠᠷᠪᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠥᠪᠥᠷ ᠮᠣᠩᠭᠤᠯ ᠤᠨ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ ᠰᠠᠨᠠᠮᠵᠢ ᠲᠠᠢ ᠪᠣᠯᠵᠤ᠂ ᠲᠤᠬᠠᠢ ᠶᠢᠨ ᠲᠠᠯᠠᠪᠤᠷ ᠲᠤ | 3.3 ᠳ᠋ᠦᠩᠰᠢᠭᠤᠷ ᠲᠥᠭᠦᠷᠢᠭ ᠤᠨ ᠭᠡᠷ᠎ᠡ ᠲᠣᠭᠲᠠᠪᠠ᠃ ᠡᠭᠦᠨ ᠤ ᠬᠠᠮᠲᠤ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠠᠴᠠ ᠢᠷᠡᠭᠰᠡᠨ ᠤᠳᠬ᠎ᠠ ᠤᠷᠠᠯᠢᠭ ᠤᠨ ᠠᠵᠢᠯᠲᠠᠳ ᠪᠠᠰᠠ ᠲᠤᠬᠠᠢ ᠶᠢᠨ ᠲᠠᠯᠠᠪᠤᠷ ᠲᠤ ᠮᠣᠷᠢᠨ | ᠬᠤᠭᠤᠷ ᠤᠨ ᠲᠣᠭᠯᠠᠯᠲᠠ ᠪᠣᠯᠣᠨ ᠥᠪᠥᠷ ᠮᠣᠩᠭᠤᠯ ᠤᠨ ᠦᠨᠳᠦᠰᠦᠲᠡᠨ ᠤ ᠣᠨᠴᠠᠯᠢᠭ ᠲᠠᠢ ᠪᠥᠵᠢᠭ ᠤᠨ | ᠲᠣᠭᠯᠠᠯᠲᠠ ᠶᠢ ᠠᠪᠴᠢᠷᠠᠵᠤ᠂ ᠲᠤᠬᠠᠢ ᠶᠢᠨ ᠲᠠᠯᠠᠪᠤᠷ ᠤᠨ ᠦᠵᠡᠭᠴᠢᠳ ᠲᠤ ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠤᠨ ᠥᠪᠡᠷᠮᠢᠴᠡ ᠷᠢᠳᠢ ᠰᠢᠳᠢ ᠶᠢ ᠣᠶᠢᠷ᠎ᠠ ᠵᠠᠢ ᠠᠴᠠ ᠮᠡᠳᠡᠷᠡᠭᠦᠯᠵᠡᠢ︕ | | | | | | | | ᠣᠶᠢᠯᠠᠭᠠᠭᠰᠠᠨ ᠢᠶᠠᠷ᠂ ︽ᠪᠣᠬᠢᠷᠳᠤᠯ ᠦᠭᠡᠢ ᠪᠦᠲᠦᠭᠡᠭᠳᠡᠭᠦᠨ ᠢ ᠪᠤᠭᠤᠮᠳᠠ ᠠᠴᠠ ᠭᠠᠷᠭᠠᠬᠤ︾ ᠥᠪᠥᠷ | ᠮᠣᠩᠭᠤᠯ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠪᠡᠭᠡᠵᠢᠩ ᠳᠤ ᠤᠷᠤᠭᠤᠯᠬᠤ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠤᠨ ᠰᠢᠷᠢᠰ ᠠᠵᠢᠯᠯᠠᠭ᠎ᠠ ᠨᠢ ᠰᠢᠨ᠎ᠡ ᠵᠢᠯ᠂ ᠴᠠᠭᠠᠨ | ᠰᠠᠷ᠎ᠠ ᠶᠢᠨ ᠬᠤᠭᠤᠴᠠᠭᠠᠨ ᠳᠤ ᠦᠷᠭᠦᠯᠵᠢᠯᠡᠨ᠎ᠡ᠃ ᠲᠤᠰ ᠲᠤᠰ ᠤᠨ ᠣᠨᠴᠠᠯᠢᠭ ᠲᠠᠢ ᠥᠪᠥᠷ ᠮᠣᠩᠭᠤᠯ ᠤᠨ ᠴᠢᠨᠠᠷ | ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠶᠠᠮᠤᠨ ᠬᠤᠷᠢᠶ᠎ᠠ ᠶᠢᠨ ᠪᠠᠶᠢᠭᠤᠯᠤᠯᠭ᠎ᠠ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠲᠠᠰᠤᠷᠠᠯᠲᠠ ᠦᠭᠡᠢ ᠬᠠᠩᠭᠠᠵᠤ᠂ ᠪᠡᠭᠡᠵᠢᠩ ᠤᠨ ᠡᠯ᠎ᠡ ᠲᠣᠮᠣ | ᠬᠤᠳᠠᠯᠳᠤᠭᠠᠨ ᠤ ᠬᠡᠲᠦ ᠳᠡᠯᠭᠡᠭᠦᠷ ᠲᠤ ᠢᠯᠡᠷᠡᠵᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ | ᠳᠡᠯᠭᠡᠨ ᠪᠣᠷᠣᠯᠠᠭᠤᠯᠬᠤ ᠪᠦᠲᠦᠭᠡᠭᠳᠡᠬᠦᠨ ᠢ ᠰᠢᠯᠭᠠᠨ ᠦᠵᠡᠬᠦ ᠠᠵᠢᠯᠯᠠᠭ᠎ᠠ ᠶᠢ ᠲᠠᠰᠤᠷᠠᠯᠲᠠ ᠦᠭᠡᠢ ᠥᠷᠨᠢᠭᠦᠯᠬᠦ ᠪᠠᠷ | ᠳᠠᠮᠵᠢᠭᠤᠯᠤᠨ᠂ ᠥᠪᠥᠷ ᠮᠣᠩᠭᠤᠯ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠪᠡᠭᠡᠵᠢᠩ ᠳᠤ ᠣᠷᠣᠭᠤᠯᠵᠤ᠂ ᠪᠥᠬᠦ ᠤᠯᠤᠰ ᠲᠤ ᠬᠦᠷᠭᠡᠨ᠂ ᠥᠪᠥᠷ ᠮᠣᠩᠭᠤᠯ ᠤᠨ ᠴᠢᠨᠠᠷ ᠰᠠᠶᠢᠲᠠᠢ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠵᠦ᠂ ᠤᠯᠤᠰ ᠤᠨ ᠴᠢᠬᠤᠯᠠ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠲᠦᠷᠭᠡᠳᠬᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃ | | | | |