ᠥᠪᠥᠷ ᠮᠣᠩᠭᠤᠯ ᠤᠨ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/11/4
      ᠲᠠᠷᠢᠮᠠᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠬᠦ ᠳᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠡᠷᠡᠭᠵᠢᠭᠦᠯᠬᠦ ᠶᠢᠨ ᠲᠤᠰᠠᠳᠠ᠂ 11 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠥᠬᠡᠬᠤᠲᠠ ᠳᠤ ᠶᠠᠪᠤᠭᠳᠠᠪᠠ᠂ ᠮᠠᠨ ᠤ ᠣᠷᠣᠨ ᠤ ᠠᠯᠠᠰᠢᠨ ᠦᠬᠡᠷ᠂ ᠠᠯᠠᠰᠢᠨ ᠬᠤᠨᠢ᠂ ᠨᠡᠷᠡᠨ ᠬᠤᠸᠠᠷ᠂ ᠨᠠᠷᠢᠮᠤ ᠵᠡᠷᠭᠡ 12 ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠪᠦᠯᠬᠦᠮ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ 
1.jpg
       ᠥᠪᠡᠷᠲᠡᠭᠡᠨ ᠵᠠᠰᠠᠬᠤ ᠣᠷᠣᠨ ᠤ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠡᠯ᠎ᠡ ᠪᠦᠯᠬᠦᠮ ᠤᠨ ᠬᠠᠷᠢᠭᠤᠴᠠᠯᠭᠠᠲᠠᠨ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠣᠳᠣᠬᠠᠨ ᠤ ᠠᠵᠢᠯ ᠤᠨ ᠠᠬᠢᠴᠠ᠂ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ᠂ 2023 ᠣᠨ ᠤ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ᠂ ᠳᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃     ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠲᠦᠷᠦᠯ ᠵᠦᠢᠯ ᠢ ᠡᠬᠢᠯᠡᠭᠦᠯᠦᠭᠡᠳ ᠨᠢᠭᠡᠨᠲᠡ ᠨᠢᠭᠡ ᠵᠢᠯ ᠪᠣᠯᠪᠠ᠂ ᠨᠢᠭᠡ ᠵᠢᠯ ᠤᠨ ᠲᠤᠷᠰᠢ ᠡᠯ᠎ᠡ ᠪᠣᠭᠤᠮᠲᠠ ᠰᠢᠪᠲᠤᠯᠬᠤ ᠪᠦᠯᠬᠦᠮ ᠤᠨ ᠥᠨᠳᠥᠷ ᠪᠦᠲᠦᠮᠵᠢᠲᠡᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠬᠢᠵᠦ᠂ ᠵᠠᠷᠢᠮ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠢᠭᠡ ᠪᠦᠯᠦᠭ ᠡᠭᠦᠯᠳᠡᠷ ᠪᠣᠶᠢᠵᠢᠭᠤᠯᠬᠤ ᠦᠷ᠎ᠡ ᠪᠦᠲᠦᠭᠡᠯ ᠢ ᠭᠠᠷᠭᠠᠵᠤ᠂ ᠵᠣᠬᠢᠬᠤ ᠬᠡᠮᠵᠢᠶᠡᠨ ᠳᠡᠭᠡᠷ᠎ᠡ ᠠᠵᠤ ᠦᠢᠯᠡᠰ ᠡᠷᠳᠡᠮ ᠰᠢᠨᠵᠢᠯᠡᠭᠡᠨ ᠰᠤᠳᠤᠯᠤᠯ ᠬᠡᠷᠡᠭᠯᠡᠭᠡ ᠶᠢ ᠠᠭᠤᠰᠤᠯᠴᠠᠭᠤᠯᠬᠤ ᠶᠢ ᠪᠡᠶᠡᠯᠡᠭᠦᠯᠵᠦ᠂ ᠪᠣᠭᠤᠮᠲᠠ ᠰᠢᠪᠲᠤᠯᠬᠤ ᠠᠵᠢᠯ ᠢᠳᠡᠪᠬᠢᠲᠡᠢ ᠦᠷ᠎ᠡ ᠪᠦᠲᠦᠮᠵᠢ ᠣᠯᠵᠠᠢ᠃ ᠡᠯ᠎ᠡ ᠲᠦᠷᠦᠭᠦᠯᠡᠨ ᠬᠢᠬᠦ ᠨᠢᠭᠡᠴᠡ᠂ ᠲᠡᠷᠢᠭᠦᠨ ᠰᠠᠭᠤᠳᠠᠯ ᠲᠤᠰᠬᠠᠢ ᠮᠡᠷᠭᠡᠵᠢᠯᠲᠡᠳ ᠪᠣᠭᠤᠮᠲᠠ ᠰᠢᠪᠲᠤᠯᠬᠤ ᠠᠵᠢᠯ ᠢ ᠦᠷᠭᠦᠯᠵᠢᠯᠡᠨ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠣᠬᠢᠴᠠᠭᠤᠯᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠯᠬᠦᠮ ᠤᠨ ᠳᠣᠲᠣᠭᠠᠳᠤ ᠶᠢᠨ ᠡᠯ᠎ᠡ ᠲᠠᠯ᠎ᠠ ᠶᠢᠨ ᠳᠠᠪᠠᠭᠤᠯᠢᠭ ᠢ ᠦᠨᠡᠨᠬᠦ ᠨᠢᠭᠲᠠᠷᠠᠭᠤᠯᠵᠤ᠂ ᠪᠦᠬᠦ ᠬᠡᠯᠬᠢᠶᠡᠨ ᠤ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠵᠤ᠂ ᠡᠭᠦᠯᠳᠡᠷ ᠪᠣᠶᠢᠵᠢᠭᠤᠯᠬᠤ ᠪᠣᠭᠤᠮᠲᠠ ᠰᠢᠪᠲᠤᠯᠬᠤ ︽ᠡᠴᠦᠰ ᠤᠨ ᠨᠢᠭᠡ ᠺᠢᠯᠣᠮᠧᠲᠷ︾ ᠢ ᠰᠠᠶᠢᠲᠤᠷ ᠠᠳᠬᠤᠵᠤ᠂ ᠰᠢᠨ᠎ᠡ ᠡᠭᠦᠯᠳᠡᠷ ᠰᠢᠨ᠎ᠡ ᠮᠠᠲ᠋ᠧᠷᠢᠶᠠᠯ ᠢ ᠡᠭᠦᠳᠦᠨ ᠦᠢᠯᠡᠳᠬᠦ ᠳᠤ ᠴᠤᠬᠤᠶᠢᠯᠲᠠ ᠶᠢᠨ ᠴᠢᠨᠠᠷᠲᠠᠢ ᠦᠷ᠎ᠡ ᠪᠦᠲᠦᠭᠡᠯ ᠪᠠᠶᠢᠬᠤ ᠡᠰᠡᠬᠦ᠂ ᠡᠭᠦᠯᠳᠡᠷ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠭᠰᠡᠨ ᠡᠰᠡᠬᠦ᠂ ᠮᠡᠷᠭᠡᠵᠢᠯ ᠢ ᠲᠥᠪᠯᠡᠷᠡᠭᠦᠯᠦᠨ ᠬᠡᠷᠡᠭᠯᠡᠬᠦ ᠲᠠᠯ᠎ᠠ ᠪᠠᠷ ᠢᠯᠡᠳᠲᠡ ᠰᠢᠪᠲᠤᠯᠤᠯᠲᠠ ᠭᠠᠷᠭᠠᠭᠰᠠᠨ ᠡᠰᠡᠬᠦ᠂ ᠪᠣᠶᠢᠵᠢᠭᠤᠯᠤᠭᠰᠠᠨ ᠡᠭᠦᠯᠳᠡᠷ  ᠨᠢ ᠵᠠᠬ᠎ᠠ ᠳᠡᠯᠭᠡᠭᠦᠷ ᠲᠤ ᠦᠷᠢᠰᠦᠯᠳᠦᠭᠡᠨ ᠤ ᠬᠦᠴᠦᠨ ᠪᠠᠶᠢᠬᠤ ᠡᠰᠡᠬᠦ ᠵᠡᠷᠭᠡ ᠴᠢᠭᠯᠡᠯ ᠢᠶᠠᠷ ᠬᠠᠷᠠᠯᠲᠠ ᠪᠣᠯᠭᠠᠵᠤ᠂ ᠡᠭᠦᠯᠳᠡᠷ ᠪᠣᠶᠢᠵᠢᠭᠤᠯᠤᠭᠰᠠᠨ ᠦᠷ᠎ᠡ ᠪᠦᠲᠦᠭᠡᠯ ᠢ ᠠᠵᠤ ᠦᠢᠯᠡᠰ ᠤᠨ ᠬᠥᠭᠵᠢᠯᠲᠡ ᠳᠤ ᠦᠨᠡᠨ ᠬᠦ ᠦᠢᠯᠡᠴᠢᠯᠡᠭᠦᠯᠬᠦ ᠶᠢ ᠦᠨᠡᠨᠬᠦ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠤ ᠦᠷ᠎ᠡ ᠶᠢᠨ ᠦᠢᠯᠡᠰ ᠤᠨ ᠰᠠᠭᠤᠷᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠬᠦᠭᠦ ᠬᠡᠷᠡᠭᠲᠡᠢ ᠭᠡᠵᠡᠢ᠃ 
2.jpg
       ᠲᠢᠩᠬᠢᠮ ᠤᠨ ᠦᠷ᠎ᠡ ᠶᠢᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠪᠥᠬᠦ ᠬᠥᠮᠥᠰ᠂ ᠭᠤᠷᠪᠠᠳᠠᠭᠢ ᠡᠲᠡᠭᠡᠳ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠲᠤᠰᠬᠠᠢ ᠮᠡᠷᠭᠡᠵᠢᠯᠲᠡᠨ᠂ 12 ᠪᠤᠭᠤᠮᠲᠠ ᠰᠢᠪᠲᠤᠯᠬᠤ ᠪᠦᠯᠬᠦᠮ ᠤᠨ ᠬᠠᠷᠢᠭᠤᠴᠠᠯᠭᠠᠲᠠᠨ ᠪᠠ ᠡᠳ᠋ ᠤᠨ ᠶᠠᠪᠤᠳᠠᠯ ᠤᠨ ᠲᠤᠰᠬᠠᠢ ᠮᠡᠷᠭᠡᠵᠢᠯᠲᠡᠨ ᠲᠣᠰ ᠤᠳᠠᠭᠠᠨ ᠤ ᠬᠤᠷᠠᠯ ᠳᠤ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号