ᠢᠳᠡᠰᠢᠨ ᠨᠣᠭᠤᠭᠠᠨ ᠤ ᠦᠢᠯᠡᠳᠪᠦᠷᠢᠯᠡᠯ ᠳᠠᠬᠢ ᠲᠠᠷᠢᠶᠠᠨ ᠡᠮ ᠤᠨ ᠬᠡᠷᠡᠭᠯᠡᠭᠡᠨ ᠤ ᠮᠡᠷᠭᠡᠵᠢᠯ
ᠨᠡᠶᠢᠲᠡᠯᠡᠭᠰᠡᠨ ᠴᠠᠭ᠄
2024/11/4
      ᠨᠢᠭᠡ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠳᠤ ᠬᠡᠷᠡᠭᠯᠡᠬᠦ ᠶᠢ ᠴᠠᠭᠠᠵᠠᠯᠠᠭᠰᠠᠨ ᠲᠤᠬᠰᠢᠨ ᠬᠤᠣᠷᠲᠠᠢ᠂ ᠦᠯᠡᠳᠡᠭᠳᠡᠯ ᠶᠡᠬᠡᠲᠡᠢ ᠲᠠᠷᠢᠶᠠᠨ ᠡᠮ      ᠮᠠᠨ ᠤ ᠤᠯᠤᠰ ᠤᠨ ᠲᠣᠭᠲᠠᠭᠠᠭᠰᠠᠨ ᠲᠠᠷᠢᠶᠠᠨ ᠡᠮ ᠤᠨ ᠲᠦᠷᠭᠡᠨ ᠴᠢᠨᠠᠷᠲᠠᠢ ᠬᠤᠣᠷᠲᠤ ᠴᠢᠨᠠᠷ ᠤᠨ ᠳᠡᠰ ᠬᠤᠪᠢᠶᠠᠬᠤ ᠪᠠᠷᠢᠮᠵᠢᠶ᠎ᠠ ᠶᠢ ᠦᠨᠳᠦᠰᠦᠯᠡᠨ᠂ ᠦᠬᠦᠭᠦᠯᠬᠦ ᠬᠡᠮᠵᠢᠶ᠎ᠡ ᠨᠢ 50 ᠮᠢᠯᠢᠭᠷᠡᠮ/ ᠺᠢᠯᠣᠭ᠍ᠷᠠᠮ ᠠᠴᠠ ᠳᠣᠷᠣᠭᠰᠢ ᠪᠠᠶᠢᠪᠠᠯ ᠴᠥᠮ ᠥᠨᠳᠥᠷ ᠬᠤᠣᠷ ᠲᠠᠢ ᠲᠠᠷᠢᠶᠠᠨ ᠡᠮ ᠳᠤ ᠲᠣᠭᠠᠴᠠᠭᠳᠠᠨ᠎ᠠ᠂ ᠵᠢᠱᠢᠶᠡᠯᠡᠪᠡᠯ ᠺᠧ ᠪᠠᠢ ᠸᠧᠢ᠂ ᠮᠧᠲ᠋ᠢᠯ ᠡᠰᠡᠷᠭᠦ ᠬᠦᠬᠦᠷᠲᠦ ᠹᠣᠰᠹᠣᠷ᠂ ᠮᠧᠲ᠋ᠢᠯ ᠪᠦᠯᠦᠭ ᠤᠨ ᠳᠣᠲᠣᠭᠰᠢ ᠰᠣᠷᠣᠬᠤ ᠹᠣᠰᠹᠣᠷ᠂ ᠮᠧᠲ᠋ᠢᠯ ᠣᠨᠳᠣᠣ ᠬᠦᠬᠦᠷᠲᠦ ᠹᠣᠰᠹᠣᠷ᠂ ᠤᠳᠠᠭᠠᠨ ᠦᠢᠯᠡᠳᠦᠯᠳᠦ ᠹᠣᠰᠹᠣᠷ᠂ ᠹᠣᠰᠹᠣᠷ ᠠᠮᠢᠨ᠂ ᠮᠧᠲ᠋ᠢᠯ ᠠᠮᠢᠨ ᠤ ᠹᠣᠰᠹᠣᠷ᠂ ᠶᠠᠩ ᠯᠧ ᠭᠤᠸᠧ᠂ ᠹᠣᠰᠹᠣᠷᠲᠤ ᠴᠠᠶᠢᠷ᠂ ᠬᠤᠷᠣᠬᠠᠢ ᠠᠯᠠᠬᠤ ᠠᠮᠢᠳᠢᠨ᠂ ᠹᠯᠣᠷᠲᠤ ᠡᠲ᠋ᠠ ᠠᠰᠢᠯᠲᠤ ᠠᠮᠢᠨ᠂ ᠣᠷᠭᠠᠨᠢᠭ ᠮᠥᠩᠭᠦᠨ ᠤᠰᠤᠨ ᠤ ᠨᠠᠶᠢᠷᠠᠯᠭ᠎ᠠ ᠵᠡᠷᠭᠡ ᠪᠣᠯᠣᠨ᠎ᠠ᠃      ᠬᠤᠶᠠᠷ᠂ ᠠᠮᠢᠳᠤ ᠪᠣᠳᠠᠰ ᠤᠨ ᠲᠠᠷᠢᠶᠠᠨ ᠡᠮ ᠢ ᠬᠡᠷᠬᠢᠨ ᠰᠠᠶᠢᠲᠤᠷ ᠬᠡᠷᠡᠭᠯᠡᠬᠦ ᠪᠤᠢ︖      ᠠᠮᠢᠳᠤ ᠪᠣᠳᠠᠰ ᠤᠨ ᠲᠠᠷᠢᠶᠠᠨ ᠡᠮ ᠢ ᠬᠡᠷᠡᠭᠯᠡᠬᠦ ᠳᠤ ᠳᠣᠣᠷᠠᠬᠢ ᠬᠡᠳᠦᠨ ᠲᠠᠯ᠎ᠠ ᠶᠢ ᠠᠩᠬᠠᠷᠬᠤ ᠬᠡᠷᠡᠭᠲᠡᠢ᠄1.ᠠᠮᠢᠳᠤ ᠪᠣᠳᠠᠰ ᠤᠨ ᠲᠠᠷᠢᠶᠠᠨ ᠡᠮ ᠢ ᠰᠦᠷᠴᠢᠨ ᠣᠷᠣᠭᠤᠯᠬᠤ ᠳᠠᠭᠠᠨ ᠡᠷᠬᠡᠪᠰᠢ ᠳᠤᠯᠠᠭᠠᠨ ᠤ ᠬᠡᠮᠵᠢᠶ᠎ᠡ ᠶᠢ 20℃ ᠠᠴᠠ ᠳᠡᠭᠡᠭᠰᠢ ᠪᠠᠶᠢᠯᠭᠠᠬᠤ ᠬᠡᠷᠡᠭᠲᠡᠢ᠃ 2.ᠳᠤᠯᠠᠭᠠᠨ ᠤ ᠬᠡᠮᠵᠢᠶ᠎ᠡ ᠬᠡᠳᠦᠢ ᠥᠨᠳᠥᠷ ᠪᠣᠯ ᠠᠮᠢᠳᠤ ᠪᠣᠳᠠᠰ ᠤᠨ ᠨᠠᠶᠢᠷᠠᠯᠭ᠎ᠠ ᠲᠠᠢ ᠲᠠᠷᠢᠶᠠᠨ ᠡᠮ ᠢ ᠰᠦᠷᠴᠢᠨ ᠣᠷᠣᠭᠤᠯᠬᠤ ᠡᠮ ᠤᠨ ᠦᠢᠯᠡᠳᠦᠯ ᠨᠢ ᠲᠡᠳᠦᠢ ᠢᠯᠡᠷᠬᠡᠢ ᠪᠠᠶᠢᠵᠤ᠂ ᠣᠨᠴᠠᠭᠠᠶᠢᠯᠠᠨ ᠨᠤᠨᠳᠠᠭ ᠬᠡᠯᠪᠡᠷᠢ ᠶᠢᠨ ᠠᠮᠢᠳᠤ ᠪᠣᠳᠠᠰ ᠤᠨ ᠨᠠᠶᠢᠷᠠᠯᠭ᠎ᠠ ᠲᠠᠢ ᠲᠠᠷᠢᠶᠠᠨ ᠡᠮ ᠨᠡᠩ ᠴᠤ ᠢᠯᠡᠷᠬᠡᠢ ᠪᠠᠶᠢᠳᠠᠭ᠃ 3.ᠦᠳᠡ ᠶᠢᠨ ᠬᠤᠶᠢᠨ᠎ᠠ ᠶᠢᠨ 4 ᠴᠠᠭ ᠠᠴᠠ ᠰᠡᠭᠦᠯᠡᠷ ᠪᠤᠶᠤ ᠪᠦᠷᠬᠦᠭ ᠡᠳᠦᠷ ᠢ ᠰᠣᠩᠭᠤᠵᠤ ᠬᠡᠷᠡᠭᠯᠡᠪᠡᠯ ᠦᠷ᠎ᠡ ᠠᠰᠢᠭ ᠨᠢ ᠶᠡᠭᠡ ᠪᠠᠷ ᠪᠠᠳᠠᠷᠠᠬᠤ ᠪᠣᠯᠣᠨ᠎ᠠ᠃ 4.ᠰᠢᠷᠦᠭᠦᠨ ᠪᠣᠷᠣᠭᠠᠨ  ᠨᠢ ᠰᠦᠷᠴᠢᠨ ᠣᠷᠣᠭᠤᠯᠤᠭᠰᠠᠨ ᠪᠠᠺᠲ᠋ᠧᠷᠢ ᠶᠢᠨ ᠰᠢᠩᠭᠡᠨ ᠢ ᠤᠷᠤᠰᠬᠠᠨ ᠠᠷᠢᠯᠭᠠᠵᠤ᠂ ᠠᠯᠠᠵᠤ ᠰᠢᠷᠬᠠᠲᠤᠭᠤᠯᠬᠤ ᠴᠢᠳᠠᠪᠤᠷᠢ ᠨᠢ ᠮᠠᠭᠤᠳᠠᠳᠠᠭ ᠪᠤᠯᠪᠠᠴᠤ ᠰᠦᠷᠴᠢᠨ ᠣᠷᠣᠭᠤᠯᠤᠭᠰᠠᠨ ᠤ ᠳᠠᠷᠠᠭ᠎ᠠ 5~6 ᠴᠠᠭ ᠤᠨ ᠪᠠᠭ᠎ᠠ ᠪᠣᠷᠣᠭᠠᠨ ᠣᠷᠣᠪᠠᠯ ᠡᠮ ᠤᠨ ᠦᠢᠯᠡᠳᠦᠯ ᠢ ᠪᠠᠭᠤᠷᠠᠭᠤᠯᠬᠤ ᠦᠭᠡᠢ ᠮᠥᠷᠲᠡᠭᠡᠨ ᠬᠠᠷᠢᠨ ᠰᠡᠷᠭᠡᠶᠢᠯᠡᠬᠦ ᠦᠢᠯᠡᠳᠦᠯ ᠢ ᠳᠡᠭᠡᠭᠰᠢᠯᠡᠭᠦᠯᠦᠨ᠎ᠡ᠃ ᠪᠠᠭ᠎ᠠ ᠪᠣᠷᠣᠭᠠᠨ ᠨᠢ ᠰᠦᠶ᠎ᠡ ᠰᠫᠣᠷ ᠤᠨ ᠰᠣᠶᠣᠭᠠᠯᠠᠬᠤ ᠳᠤ ᠶᠡᠭᠡ ᠠᠰᠢᠭᠲᠠᠢ ᠪᠠᠶᠢᠵᠤ᠂ ᠬᠤᠣᠷᠲᠤ ᠬᠤᠷᠣᠬᠠᠢ ᠢᠳᠡᠭᠰᠡᠨ ᠤ ᠳᠠᠷᠠᠭ᠎ᠠ ᠳᠠᠷᠤᠢ ᠲᠦᠷᠭᠡᠨ ᠦᠬᠦᠳᠡᠭ᠃      ᠭᠤᠷᠪᠠ᠂ ᠢᠳᠡᠰᠢᠨ ᠨᠣᠭᠤᠭ᠎ᠠ ᠶᠢᠨ ᠨᠠᠪᠴᠢᠨ ᠳᠤ ᠡᠮ ᠰᠦᠷᠴᠢᠬᠦ ᠦᠷ᠎ᠡ ᠠᠰᠢᠭ ᠢ ᠬᠡᠷᠬᠢᠨ ᠳᠡᠭᠡᠭᠰᠢᠯᠡᠭᠦᠯᠬᠦ ᠪᠤᠢ︖      ᠢᠳᠡᠰᠢᠨ ᠨᠣᠭᠤᠭ᠎ᠠ ᠶᠢᠨ ᠨᠠᠪᠴᠢᠨ ᠳᠤ ᠪᠣᠷᠳᠣᠭᠤᠷ ᠣᠷᠣᠭᠤᠯᠬᠤ ᠦᠢᠯᠡᠳᠦᠯ ᠢ ᠳᠡᠭᠡᠭᠰᠢᠯᠡᠭᠦᠯᠬᠦ ᠠᠷᠭ᠎ᠠ᠄      1.ᠨᠠᠪᠴᠢᠲᠤ ᠨᠣᠭᠤᠭ᠎ᠠ ᠶᠢᠨ ᠲᠦᠷᠦᠯ ᠤᠨ ᠢᠳᠡᠰᠢᠨ ᠨᠣᠭᠤᠭ᠎ᠠ᠃ ᠴᠠᠭᠠᠨ ᠨᠣᠭᠤᠭ᠎ᠠ᠂ ᠥᠷᠭᠡᠰᠦᠲᠦ ᠨᠣᠭᠤᠭ᠎ᠠ᠂ ᠴᠤᠭᠤᠷ ᠨᠣᠭᠤᠭ᠎ᠠ ᠵᠡᠷᠭᠡ ᠨᠠᠪᠴᠢᠨ ᠳᠤ ᠤᠷᠤᠭᠤᠯᠬᠤ ᠪᠣᠷᠳᠣᠭᠤᠷ ᠨᠢ ᠰᠢᠭᠡᠰᠦᠯᠢᠭ ᠡᠳ᠋᠂ ᠬᠦᠬᠦᠷ ᠬᠦᠴᠢᠯ ᠤᠨ ᠠᠮᠮᠤᠨᠢ ᠪᠠᠷ ᠭᠤᠣᠯᠯᠠᠨ᠎ᠠ᠃ ᠰᠦᠷᠴᠢᠯᠲᠡ ᠶᠢᠨ ᠥᠳᠬᠡᠴᠡ᠄ ᠰᠢᠭᠡᠰᠦᠯᠢᠭ ᠡᠳ᠋ 2%᠂ ᠬᠦᠬᠦᠷ ᠬᠦᠴᠢᠯ ᠤᠨ ᠠᠮᠮᠤᠨᠢ 1.5%᠃ ᠶᠡᠷᠦ ᠳᠡᠭᠡᠨ 10~15 ᠡᠳᠦᠷ ᠲᠤ ᠨᠢᠭᠡ ᠤᠳᠠᠭ᠎ᠠ ᠰᠦᠷᠴᠢᠵᠦ᠂ ᠤᠯᠠᠷᠢᠯ ᠪᠦᠷᠢ ᠳᠤ 2~4 ᠤᠳᠠᠭ᠎ᠠ ᠰᠦᠷᠴᠢᠵᠦ᠂ ᠰᠦᠷᠴᠢᠬᠦ ᠳᠡᠭᠡᠨ ᠵᠣᠬᠢᠬᠤ ᠬᠡᠮᠵᠢᠶᠡᠨ ᠤ ᠢᠳᠡᠭᠡᠨ ᠤ ᠼᠤᠤ ᠨᠡᠮᠡᠪᠡᠯ ᠦᠷ᠎ᠡ ᠠᠰᠢᠭ ᠨᠢ ᠨᠡᠩ ᠰᠠᠶᠢᠨ ᠪᠠᠶᠢᠳᠠᠭ᠃      2.ᠭᠤᠸᠠ ᠵᠢᠮᠢᠰ ᠤᠨ ᠲᠦᠷᠦᠯ ᠤᠨ ᠢᠳᠡᠰᠢᠨ ᠨᠣᠭᠤᠭ᠎ᠠ᠃ ᠡᠯ᠎ᠡ ᠵᠦᠢᠯ ᠤᠨ ᠭᠤᠸᠠ ᠶᠢᠨ ᠲᠦᠷᠦᠯ᠂ ᠲᠥᠪᠡᠳ ᠬᠠᠰᠢ᠂ ᠬᠠᠰᠢ᠂ ᠯᠠᠵᠤᠤ ᠵᠡᠷᠭᠡ ᠳᠤ ᠠᠽᠣᠲ᠂ ᠹᠣᠰᠹᠣᠷ᠂ ᠺᠠᠯᠢ ᠶᠢᠨ ᠬᠤᠯᠢᠮᠠᠭ ᠰᠢᠩᠭᠡᠨ ᠪᠤᠶᠤ ᠨᠡᠶᠢᠯᠡᠮᠡᠯ ᠪᠣᠷᠳᠣᠭᠤᠷ ᠢ ᠰᠦᠷᠴᠢᠨ ᠣᠷᠣᠭᠤᠯᠵᠤ᠂ 1%~2% ᠤᠨ ᠰᠢᠭᠡᠰᠦᠯᠢᠭ ᠡᠳ᠋ ᠬᠢᠭᠡᠳ 2% ᠤᠨ ᠨᠡᠶᠢᠯᠡᠮᠡᠯ ᠪᠣᠷᠳᠣᠭᠤᠷ ᠤᠨ ᠠᠭᠤᠰᠤᠮᠠᠯ ᠢ ᠰᠦᠷᠴᠢᠨ ᠤᠷᠭᠤᠯᠲᠠ ᠶᠢᠨ ᠬᠤᠭᠤᠴᠠᠭ᠎ᠠ ᠪᠠ ᠰᠡᠭᠦᠯᠴᠢ ᠶᠢᠨ ᠬᠤᠭᠤᠴᠠᠭᠠᠨ ᠳᠤ ᠲᠤᠰ ᠪᠦᠷᠢ 1~2 ᠤᠳᠠᠭ᠎ᠠ ᠰᠦᠷᠴᠢᠨ ᠣᠷᠣᠭᠤᠯᠪᠠᠯ ᠡᠷᠲᠡ ᠮᠠᠭᠤᠳᠠᠬᠤ ᠶᠢ ᠰᠡᠷᠭᠡᠶᠢᠯᠡᠵᠦ ᠴᠢᠳᠠᠨ᠎ᠠ᠃      3.ᠦᠨᠳᠦᠰᠦᠯᠢᠭ ᠡᠰᠢ ᠶᠢᠨ ᠲᠦᠷᠦᠯ ᠤᠨ ᠢᠳᠡᠰᠢᠨ ᠨᠣᠭᠤᠭ᠎ᠠ᠃ ᠰᠠᠷᠢᠮᠰᠠᠭ᠂ ᠪᠥᠭᠡᠷᠡᠩᠬᠡᠢ ᠰᠣᠩᠭᠢᠨ᠎ᠠ᠂ ᠯᠤᠤᠪᠠᠩ᠂ ᠲᠥᠮᠥᠰᠥ ᠵᠡᠷᠭᠡ ᠳᠤ 0.3% ᠶᠢᠨ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢᠨ ᠠᠭᠤᠰᠤᠮᠠᠯ᠂ 10% ᠶᠢᠨ ᠡᠪᠡᠰᠦ ᠮᠣᠳᠣᠨ ᠤ ᠦᠨᠡᠰᠦᠨ ᠳᠤ ᠳᠡᠪᠲᠦᠭᠡᠭᠰᠡᠨ ᠰᠢᠩᠭᠡᠨ᠂ 2% ᠤᠨ ᠬᠡᠳᠦ ᠹᠣᠰᠹᠣᠷ ᠬᠦᠴᠢᠯ ᠤᠨ ᠺᠠᠯᠼ ᠲᠤ ᠳᠡᠪᠲᠦᠭᠡᠭᠰᠡᠨ ᠰᠢᠭᠦᠭᠦᠷ ᠰᠢᠩᠭᠡᠨ ᠢ ᠰᠣᠩᠭᠤᠨ ᠬᠡᠷᠡᠭᠯᠡᠵᠦ᠂ ᠤᠯᠠᠷᠢᠯ ᠪᠦᠷᠢ ᠳᠤ 3~4 ᠤᠳᠠᠭ᠎ᠠ ᠰᠦᠷᠴᠢᠨ ᠣᠷᠣᠭᠤᠯᠤᠨ᠎ᠠ᠃ ᠢᠳᠡᠰᠢᠨ ᠨᠣᠭᠤᠭ᠎ᠠ ᠶᠢᠨ ᠨᠠᠪᠴᠢᠨ ᠤ ᠳᠤ ᠪᠣᠷᠳᠣᠭᠤᠷ ᠰᠦᠷᠴᠢᠬᠦ ᠳᠤ ᠲᠤᠩᠭᠠᠯᠠᠭ ᠡᠳᠦᠷ ᠤᠨ ᠥᠷᠯᠥᠭᠡ ᠪᠤᠶᠤ ᠪᠦᠷᠦᠢ ᠪᠤᠯᠬᠤ ᠦᠶ᠎ᠡ ᠳᠤ ᠦᠷ᠎ᠡ ᠠᠰᠢᠭ  ᠨᠢ ᠬᠠᠮᠤᠭ ᠰᠠᠶᠢᠨ ᠪᠠᠶᠢᠳᠠᠭ᠃ ᠤᠳᠠᠭ᠎ᠠ ᠪᠦᠷᠢ ᠮᠦ ᠪᠦᠷᠢ ᠳᠤ 50 ᠺᠢᠯᠣᠭ᠍ᠷᠠᠮ ᠣᠷᠴᠢᠮ ᠤᠨ ᠪᠣᠷᠳᠣᠭᠤᠷ ᠣᠷᠣᠭᠤᠯᠬᠤ ᠰᠢᠩᠭᠡᠨ ᠢ ᠰᠦᠷᠴᠢᠵᠦ᠂ ᠨᠠᠪᠴᠢᠨ ᠤ ᠢᠯᠲᠠᠰᠤ ᠶᠢ ᠰᠦᠷᠴᠢᠨ ᠨᠣᠷᠭᠠᠪᠠᠯ ᠵᠣᠬᠢᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号