ᠪᠠᠰᠠ ᠨᠢᠭᠡᠨ ᠦᠩ ᠵᠢᠯ ᠢᠶᠠᠨ ᠤᠭᠳᠤᠯ᠎ᠠ᠂ ᠯᠠᠵᠤᠤ ᠶᠢᠨ ᠲᠠᠷᠢᠶᠠᠨ ᠳᠤ ᠡᠯᠪᠡᠭ ᠬᠤᠷᠢᠶᠠᠯᠲᠠ ᠶᠢᠨ ᠪᠠᠶᠠᠷ | ᠬᠦᠷ ᠪᠢᠯᠬᠠᠨᠠᠮ᠃ ᠣᠳᠣᠬᠠᠨ ᠳᠤ᠂ ᠪᠠᠶᠠᠨᠨᠠᠭᠤᠷ ᠬᠤᠳᠠ ᠶᠢᠨ 35.05 ᠲᠦᠮᠡᠨ ᠮᠦ ᠯᠠᠵᠤᠤ ᠡᠯᠪᠡᠭ ᠬᠤᠷᠢᠶᠠᠯᠲᠠ | ᠣᠯᠵᠤ᠂ ᠦᠢᠯᠡᠳᠪᠦᠷᠢᠯᠡᠯ ᠪᠣᠷᠤᠯᠠᠭᠤᠯᠭ᠎ᠠ ᠵᠡᠷᠭᠡᠪᠡᠷ ᠬᠥᠭᠵᠢᠪᠡ᠃ ᠪᠠᠶᠠᠨᠨᠠᠭᠤᠷ ᠬᠤᠳᠠ ᠶᠢᠨ ᠯᠢᠨ ᠾᠧ | ᠲᠣᠭᠤᠷᠢᠭ ᠤᠨ ᠪᠠᠢ ᠨᠣᠣ ᠪᠦᠦ ᠪᠠᠯᠭᠠᠰᠤ ᠶᠢᠨ ᠶᠦᠩ ᠴᠢᠩ ᠲᠣᠰᠬᠤᠨ ᠤ ᠯᠠᠵᠤᠤ ᠲᠠᠷᠢᠬᠤ ᠰᠠᠭᠤᠷᠢᠨ ᠭᠠᠵᠠᠷ ᠲᠤ | ᠬᠦᠷᠬᠦ ᠳᠤ᠂ ᠲᠣᠰᠬᠤᠨ ᠤ ᠠᠷᠠᠳ ᠤᠨ ᠯᠠᠵᠤᠤ ᠲᠡᠭᠦᠵᠦ ᠪᠠᠶᠢᠭ᠎ᠠ ᠶᠠᠭᠠᠷᠠᠯᠲᠠᠢ ᠪᠠᠶᠢᠳᠠᠯ ᠭᠠᠵᠠᠷ ᠪᠣᠯᠭᠠᠨ ᠳᠤ | ᠬᠠᠷᠠᠭᠳᠠᠵᠤ᠂ ᠭᠠᠯ ᠤᠯᠠᠭᠠᠨ ᠴᠤᠤ ᠲᠢᠶᠠᠨ ᠵᠢᠶᠣᠣ ᠠᠭᠤᠯᠠ ᠮᠡᠲᠦ ᠣᠪᠣᠭᠠᠷᠠᠵᠤ᠂ ᠡᠯᠪᠡᠭ ᠬᠤᠷᠢᠶᠠᠯᠲᠠ ᠶᠢᠨ | ᠪᠠᠶᠢᠳᠠᠯ ᠢᠶᠠᠷ ᠪᠢᠯᠬᠠᠨ᠎ᠠ᠃ | ᠯᠠᠵᠤᠤ ᠶᠢᠨ ᠡᠯᠪᠡᠭ ᠬᠤᠷᠢᠶᠠᠯᠲᠠ ᠨᠢ ᠲᠤᠬᠠᠢ ᠶᠢᠨ ᠭᠠᠵᠠᠷ ᠤᠨ ᠯᠠᠵᠤᠤ ᠶᠢᠨ ᠦᠢᠯᠡᠳᠪᠦᠷᠢ ᠶᠢᠨ | ᠦᠢᠯᠡᠳᠪᠦᠷᠢᠯᠡᠯ ᠤᠨ ︽ᠬᠤᠷᠳᠤᠳᠬᠠᠬᠤ ᠵᠠᠭᠪᠤᠷ︾ ᠢ ᠡᠬᠢᠯᠡᠭᠦᠯᠵᠡᠢ᠃ ᠥᠪᠥᠷ ᠮᠣᠩᠭᠤᠯ ᠤᠨ ᠶᠢᠨ ᠶᠢᠨ | ᠲᠠᠷᠢᠶᠠᠯᠠᠩ ᠤᠨ ᠬᠢᠵᠠᠭᠠᠷᠲᠤ ᠺᠣᠮᠫᠠᠨᠢ ᠳᠤ᠂ ᠬᠤᠳᠠᠯᠳᠤᠨ ᠠᠪᠴᠢᠷᠠᠭᠰᠠᠨ ᠯᠠᠵᠤᠤ ᠨᠢ ᠠᠭᠤᠯᠠ ᠮᠡᠲᠦ ᠣᠪᠣᠭᠠᠷᠠᠵᠤ᠂ | ᠬᠠᠶᠢᠴᠢᠯᠠᠬᠤ᠂ ᠰᠣᠩᠭᠤᠬᠤ᠂ ᠬᠠᠭᠰᠠᠭᠠᠬᠤ᠂ ᠤᠭᠤᠲᠠᠯᠠᠬᠤ ᠪᠠᠷ ᠳᠠᠮᠵᠢᠨ ᠪᠦᠬᠦ ᠤᠯᠤᠰ ᠤᠨ ᠡᠯ᠎ᠡ ᠭᠠᠵᠠᠷ ᠲᠤ | ᠨᠢᠭᠡᠳᠦᠯᠲᠡᠢ ᠲᠠᠷᠬᠠᠭᠠᠨ᠎ᠠ᠃ ᠯᠢᠨ ᠾᠧ ᠲᠣᠭᠤᠷᠢᠭ ᠤᠨ ᠪᠠᠢ ᠨᠣᠣ ᠪᠦᠦ ᠪᠠᠯᠭᠠᠰᠤᠨ ᠤ ᠶᠦᠩ ᠴᠢᠩ ᠲᠣᠰᠬᠤᠨ ᠤ | ᠠᠷᠠᠳ ᠴᠢᠶᠣᠤ ᠯᠢ ᠵᠢᠶᠦ᠋ᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠡᠳᠡᠨ ᠤ ᠳᠠᠷᠢᠭᠰᠠᠨ ᠯᠠᠵᠤᠤ ᠨᠢ ᠡᠨᠡ ᠵᠢᠯ ᠤᠨ | ᠴᠡᠪᠡᠷ ᠠᠰᠢᠭ ᠬᠤᠨᠵᠢᠪᠤᠷᠢ ᠨᠢ 30 ᠲᠦᠮᠡᠨ ᠲᠥᠭᠦᠷᠢᠭ ᠲᠤ ᠬᠦᠷᠴᠦ᠂ ᠲᠣᠰᠬᠤᠨ ᠤ ᠠᠷᠠᠳ ᠤᠨ ᠢᠷᠡᠬᠦ ᠵᠢᠯ ᠤᠨ | ᠯᠠᠵᠤᠤ ᠳᠠᠷᠢᠬᠤ ᠢᠳᠡᠪᠬᠢᠵᠢᠯ ᠨᠢ ᠮᠠᠰᠢ ᠥᠨᠳᠥᠷ ᠪᠠᠶᠢᠨ᠎ᠠ᠃ | ︽ᠠᠳᠡᠬᠢ ᠯᠠᠵᠤᠤ ᠶᠢᠨ ᠡᠭᠦᠯᠳᠡᠷ ᠤᠯᠠᠨ᠂ ᠲᠡᠭᠦᠨ ᠤ ᠭᠤᠱᠤᠭᠤᠨ ᠨᠢ ᠥᠨᠳᠥᠷ᠂ ᠲᠠᠷᠢᠶᠠᠨ ᠡᠮ ᠤᠨ | ᠦᠯᠡᠳᠡᠭᠳᠡᠯ ᠨᠢ ᠴᠥᠭᠡᠨ᠂ ᠥᠩᠭᠡ ᠨᠢ ᠰᠠᠶᠢᠨ ᠪᠠᠶᠢᠳᠠᠭ᠃ ᠮᠠᠨ ᠤ ᠺᠣᠮᠫᠠᠨᠢ ᠡᠳᠦᠷ ᠪᠦᠷᠢ ᠪᠠᠷᠤᠭ 100 | ᠺᠢᠯᠣᠭ᠍ᠷᠠᠮ ᠠᠴᠠ 300 ᠺᠢᠯᠣᠭ᠍ᠷᠠᠮ ᠬᠤᠳᠠᠯᠳᠤᠨ ᠠᠪᠴᠤ᠂ ᠵᠢᠯ ᠤᠨ ᠦᠢᠯᠡᠳᠬᠦᠨ ᠤ ᠦᠷᠳᠡᠭ ᠨᠢ 300 ᠲᠦᠮᠡᠨ | ᠲᠥᠭᠦᠷᠢᠭ ᠠᠴᠠ 500 ᠲᠦᠮᠡᠨ ᠲᠥᠭᠦᠷᠢᠭ ᠣᠷᠴᠢᠮ ᠪᠠᠶᠢᠳᠠᠭ︾ ᠭᠡᠵᠦ ᠥᠪᠥᠷ ᠮᠣᠩᠭᠤᠯ ᠤᠨ ᠶᠢᠨ ᠶᠢᠨ | ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠭᠤᠸᠠᠩ ᠴᠢ ᠬᠡᠯᠡᠪᠡ᠃ | ᠡᠨᠡ ᠵᠢᠯ᠂ ᠶᠦᠩ ᠴᠢᠩ ᠲᠣᠰᠬᠤᠨ ᠳᠤ ᠴᠤᠤ ᠲᠢᠶᠠᠨ ᠵᠢᠶᠣᠣ 5000 ᠮᠦ ᠲᠠᠷᠢᠬᠤ ᠶᠢᠨ ᠬᠠᠮᠲᠤ 8 | ᠯᠠᠵᠤᠤ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠵᠢᠵᠢᠭ ᠯᠠᠵᠤᠤ ᠶᠢ ᠤᠯᠠᠨ ᠲᠦᠮᠡᠨ ᠤ | ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠲᠤᠮᠤ ᠠᠵᠤ ᠦᠢᠯᠡᠰ ᠪᠣᠯᠭᠠᠪᠠ᠃ ᠯᠢᠨ ᠾᠧ ᠲᠣᠭᠤᠷᠢᠭ ᠤᠨ ᠪᠠᠢ | ᠨᠣᠣ ᠪᠦᠦ ᠪᠠᠯᠭᠠᠰᠤ ᠶᠢᠨ ᠶᠦᠩ ᠴᠢᠩ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠴᠧᠨ ᠰᠢᠩ᠄ ︽ᠡᠨᠡ ᠵᠢᠯ 28 | ᠮᠤᠵᠢ ᠶᠢᠨ ᠬᠤᠳᠠᠯᠳᠤᠭᠠᠴᠢᠨ ᠮᠠᠨ ᠤ ᠲᠣᠰᠬᠤᠨ ᠳᠤ ᠢᠷᠡᠵᠦ ᠯᠠᠵᠤᠤ ᠬᠤᠳᠠᠯᠳᠤᠨ ᠠᠪᠴᠤ᠂ ᠲᠣᠰᠬᠤᠨ ᠤ | ᠠᠷᠠᠳ ᠤᠨ ᠬᠥᠮᠥᠨ ᠳᠤᠮᠳᠠᠴᠢ ᠶᠢᠨ ᠣᠷᠣᠯᠭ᠎ᠠ ᠶᠢ ᠰᠢᠭᠤᠳ 5000 ᠲᠥᠭᠦᠷᠢᠭ ᠠᠴᠠ 10000 ᠲᠥᠭᠦᠷᠢᠭ | ᠨᠡᠮᠡᠭᠳᠡᠭᠦᠯᠪᠡ᠂ ᠤᠳᠤ ᠪᠣᠯᠲᠠᠯ᠎ᠠ᠂ ᠮᠠᠨ ᠤ ᠲᠣᠰᠬᠤᠨ ᠤ ᠬᠥᠮᠥᠨ ᠳᠤᠮᠳᠠᠴᠢ ᠶᠢᠨ ᠣᠷᠣᠯᠭ᠎ᠠ ᠪᠠᠷᠤᠭ 2 ᠲᠦᠮᠡ ᠠᠴᠠ | 3 ᠲᠦᠮᠡᠨ ᠲᠥᠭᠦᠷᠢᠭ ᠲᠤ ᠬᠦᠷᠴᠡᠢ︾ ᠭᠡᠵᠦ ᠲᠠᠨᠢᠯᠴᠠᠭᠤᠯᠵᠠᠢ᠃ | ᠪᠠᠶᠠᠨᠨᠠᠭᠤᠷ ᠬᠤᠳᠠ ᠳᠤ ᠤᠯᠠᠨ ᠠᠴᠠ ᠣᠨᠴᠠᠭᠠᠢ ᠠᠭᠤᠷ ᠠᠮᠢᠰᠬᠤᠯ ᠤᠨ ᠨᠥᠬᠦᠴᠡᠯ ᠪᠣᠯᠣᠨ ᠠᠵᠤ | ᠦᠢᠯᠡᠰ ᠤᠨ ᠰᠠᠭᠤᠷᠢ ᠲᠠᠢ᠂ ᠲᠠᠷᠢᠭᠰᠠᠨ ᠯᠠᠵᠤᠤ ᠶᠢᠨ ᠥᠩᠭᠡ ᠨᠢ ᠬᠤᠷᠴᠠ ᠰᠣᠷᠭᠤᠭ᠂ ᠮᠢᠬ᠎ᠠ ᠨᠢ ᠵᠤᠵᠠᠭᠠᠨ᠂ | ᠵᠢᠶᠠᠩ ᠬᠢᠬᠦ᠂ ᠤᠯᠠᠭᠠᠨ ᠥᠩᠭᠡ ᠶᠢᠨ ᠡᠳ᠋ ᠪᠣᠯᠪᠠᠰᠤᠷᠠᠭᠤᠯᠬᠤ ᠰᠠᠶᠢᠨ ᠲᠦᠭᠦᠬᠡᠢ ᠮᠠᠲ᠋ᠧᠷᠢᠶᠠᠯ ᠪᠠᠶᠢᠵᠤ᠂ ᠤᠯᠤᠰ ᠤᠨ | ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠣᠭᠰᠠᠨ ᠪᠠᠶᠢᠨ᠎ᠠ᠃ ᠣᠶᠢᠷ᠎ᠠ ᠶᠢᠨ ᠵᠢᠯ ᠤᠨ | ᠲᠤᠷᠰᠢ᠂ ᠪᠠᠶᠠᠨᠨᠠᠭᠤᠷ ᠬᠤᠳᠠ ᠶᠢᠨ ᠬᠢᠨ ᠯᠠᠵᠤᠤ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 100 ᠭᠠᠷᠤᠢ ᠯᠠᠵᠤᠤ ᠶᠢᠨ ᠰᠢᠨ᠎ᠡ | ᠡᠭᠦᠯᠳᠡᠷ ᠢ ᠣᠷᠣᠭᠤᠯᠤᠨ ᠠᠪᠴᠢᠷᠠᠵᠤ᠂ 2 ᠯᠠᠵᠤᠤ ᠶᠢᠨ ᠰᠢᠯᠢᠳᠡᠭ ᠡᠭᠦᠯᠳᠡᠷ ᠢ ᠪᠡᠶ᠎ᠡ ᠪᠠᠨ ᠳᠠᠭᠠᠭᠠᠵᠤ ᠰᠤᠳᠤᠯᠤᠨ | ᠦᠢᠯᠡᠳᠴᠡᠢ᠃ ᠡᠨᠡ ᠵᠢᠯ᠂ ᠪᠥᠬᠦ ᠬᠤᠲᠠ ᠶᠢᠨ ᠯᠠᠵᠤᠤ ᠳᠠᠷᠢᠬᠤ ᠲᠠᠯᠠᠪᠠᠶ 35.05 ᠲᠦᠮᠡᠨ ᠮᠦ ᠳᠤ ᠬᠦᠷᠴᠦ᠂ | ᠡᠭᠦᠨ ᠳᠤ ᠵᠢᠶᠠᠩ ᠳᠤ ᠬᠡᠷᠡᠭᠯᠡᠬᠦ ᠯᠠᠵᠤᠤ ᠪᠠᠷᠤᠭ 20 ᠲᠦᠮᠡᠨ ᠮᠦ᠂ ᠴᠣᠣ ᠲᠢᠶᠠᠨ ᠵᠢᠶᠣᠣ ᠯᠠᠵᠤᠤ ᠪᠠᠷᠤᠭ 15 | ᠲᠦᠮᠡᠨ ᠮᠦ ᠳᠤ ᠬᠦᠷᠴᠦ᠂ ᠯᠠᠵᠤᠤ ᠨᠢᠭᠡᠨᠲᠡ ᠨᠡᠷᠡᠨ ᠬᠤᠸᠠᠷ ᠠᠴᠠ ᠠᠰᠳᠠᠭᠠᠨ ᠳᠠᠷᠢᠬᠤ ᠲᠠᠯᠠᠪᠠᠶ ᠪᠠᠷ ᠬᠠᠮᠤᠭ ᠤᠨ | ᠶᠡᠭᠡ ᠠᠵᠤ ᠠᠬᠤᠢ ᠶᠢᠨ ᠲᠠᠷᠢᠮᠠᠯ ᠪᠣᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠪᠠᠶᠠᠨᠨᠠᠭᠤᠷ ᠬᠤᠲᠠ ᠪᠠᠰᠠ ᠯᠠᠵᠤᠤ | ᠡᠳ᠋ᠰᠢᠭᠦᠯᠬᠦ ᠠᠵᠤ ᠠᠬᠤᠶᠢᠯᠠᠯ ᠢ ᠢᠳᠡᠪᠬᠢᠲᠡᠢ ᠪᠣᠶᠢᠵᠢᠭᠤᠯᠵᠤ᠂ ᠦᠢᠯᠡᠳᠬᠦᠨ ᠤ ᠨᠡᠮᠡᠯᠲᠡ ᠥᠷᠲᠡᠭ ᠢ ᠨᠡᠮᠡᠭᠳᠡᠭᠦᠯᠵᠦ | ᠪᠠᠶᠢᠨ᠎ᠠ᠂ ᠣᠳᠣᠬᠠᠨ ᠳᠤ᠂ ᠪᠥᠬᠦ ᠬᠤᠲᠠ ᠶᠢᠨ ᠯᠠᠵᠤᠤ ᠡᠳ᠋ᠰᠢᠭᠦᠯᠬᠦ ᠴᠢᠳᠠᠪᠤᠷᠢ ᠲᠠᠢ ᠠᠵᠤ ᠠᠬᠤᠶᠢᠯᠠᠯ᠂ ᠬᠤᠷᠰᠢᠶ᠎ᠠ | 67 ᠪᠠᠶᠢᠵᠤ᠂ ᠦᠢᠯᠡᠳᠪᠦᠷᠢᠯᠡᠬᠦ ᠴᠢᠳᠠᠪᠤᠷᠢ ᠨᠢ 13 ᠲᠦᠮᠡᠨ ᠲᠣᠨ ᠰᠢᠬᠠᠮ ᠬᠦᠷᠦᠭᠰᠡᠨ ᠪᠠᠶᠢᠨ᠎ᠠ᠃ |