ᠡᠨᠡ ᠵᠢᠯ ᠠᠴᠠ ᠨᠠᠭᠠᠰᠢ ᠮᠠᠨ ᠤ ᠣᠷᠣᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠᠷ ︽ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ | ᠶᠢ ᠭᠦᠨᠵᠡᠭᠡᠢ ᠠᠬᠢᠭᠤᠯᠵᠤ᠂ ᠪᠦᠭᠦ ᠣᠷᠣᠨ ᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠪᠡᠭᠡᠵᠢᠩ ᠳᠠᠬᠢ ᠪᠣᠷᠤᠯᠠᠭᠤᠯᠭ᠎ᠠ 258.6 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ | ᠤ ᠠᠳᠠᠯᠢ ᠬᠤᠭᠤᠴᠠᠭᠠᠨ ᠤ ᠬᠢ ᠠᠴᠠ 1.43 ᠳᠠᠭᠢᠨ ᠨᠡᠮᠡᠭᠳᠡᠪᠡ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠣᠭᠲᠠᠴᠠ ᠶᠢᠨ ᠦᠢᠯᠡᠳᠦᠯ ᠢ ᠭᠦᠢᠴᠡᠳ | ᠪᠠᠳᠠᠷᠠᠭᠤᠯᠬᠤ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ ᠠᠴᠠ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠬᠡᠷᠡᠭᠯᠡᠭᠡ | ᠪᠠᠷ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠦᠢᠯᠡᠳᠪᠦᠷᠢᠯᠡᠬᠦ᠂ ᠡᠳ᠋ᠰᠢᠭᠦᠯᠦᠨ ᠪᠤᠯᠪᠠᠰᠤᠷᠠᠭᠤᠯᠬᠤ᠂ ᠲᠦᠷᠦᠯ | ᠲᠡᠮᠳᠡᠭ᠂ ᠭᠦᠢᠯᠭᠡᠭᠡ᠂ ᠪᠣᠷᠤᠯᠠᠭᠤᠯᠭ᠎ᠠ ᠵᠡᠷᠭᠡ ᠭᠤᠭᠴᠤᠭ᠎ᠠ ᠠᠴᠠ ᠬᠦᠴᠦᠯᠡᠵᠦ᠂ ᠲᠠᠯ᠎ᠠ ᠨᠤᠲᠤᠭ ᠤᠨ ᠪᠣᠬᠢᠷᠳᠤᠯ | ᠦᠭᠡᠢ ᠪᠦᠲᠦᠭᠡᠭᠳᠡᠬᠦᠨ ᠤ ᠪᠡᠭᠡᠵᠢᠩ ᠳᠤ ᠪᠣᠷᠣᠯᠠᠭᠤᠯᠤᠭᠳᠠᠨ ᠪᠦᠭᠦ ᠤᠯᠤᠰ ᠤᠨ ᠵᠠᠬ᠎ᠠ ᠳᠡᠯᠭᠡᠭᠦᠷ ᠲᠤ ᠭᠠᠷᠬᠤ ᠶᠢ | ᠪᠦᠭᠦ ᠲᠠᠯ᠎ᠠ ᠪᠠᠷ ᠠᠬᠢᠭᠤᠯᠪᠠ᠃ ᠲᠤᠬᠠᠢ ᠶᠢᠨ ᠲᠠᠯᠠᠪᠠᠢ ᠳᠤ ︽ᠪᠣᠬᠢᠷᠳᠤᠯ ᠦᠭᠡᠢ ᠪᠦᠲᠦᠭᠡᠭᠳᠡᠬᠦᠨ ᠢ ᠭᠠᠳᠠᠭᠰᠢ | ᠪᠣᠷᠣᠯᠠᠭᠤᠯᠬᠤ︾᠂ ︽ᠰᠢᠨ᠎ᠡ ᠶᠢᠨ ᠪᠠᠷᠠᠭᠠᠨ ᠤ ᠴᠤᠭᠯᠠᠭᠠᠨ︾ ᠵᠡᠷᠭᠡ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠥᠳᠡᠭᠡ ᠠᠵᠤ ᠠᠬᠤᠢ ᠬᠥᠳᠡᠭᠡ | ᠲᠣᠰᠬᠤᠨ ᠤ ᠶᠠᠮᠤᠨ ᠵᠡᠷᠭᠡ 17 ᠶᠠᠮᠤᠨ ᠵᠥᠪᠯᠡᠯ ᠪᠠ ᠲᠥᠪ ᠤᠨ ᠠᠵᠤ ᠠᠬᠤᠶᠢᠯᠠᠯ ᠳᠤ ᠣᠷᠣᠭᠤᠯᠪᠠ᠃ | ᠰᠦᠯᠵᠢᠶᠡᠨ ᠳᠡᠭᠡᠷ᠎ᠡ ᠣᠷᠣᠨ ᠨᠤᠲᠤᠭ ᠤᠨ ᠣᠨᠴᠠᠯᠢᠭᠲᠤ ᠣᠷᠳᠣᠨ ᠢ 32 ᠨᠡᠭᠡᠭᠡᠵᠦ᠂ ᠭᠦᠭᠡᠬᠤᠲᠠ ᠪᠠ | ᠤᠯᠠᠭᠠᠨᠴᠠᠪ ᠵᠡᠷᠭᠡ ᠭᠠᠵᠠᠷ ᠲᠤ ︽ᠡᠭᠦᠯᠡᠨ ᠬᠥᠮᠥᠷᠭᠡ︾ ᠪᠠᠶᠢᠭᠤᠯᠵᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠨᠡᠶᠢᠳᠡᠮ ᠤᠨ ᠬᠡᠷᠡᠭᠯᠡᠭᠡᠨ ᠤ ᠪᠠᠷᠠᠭ᠎ᠠ ᠠᠪᠬᠤ ᠲᠠᠪᠴᠠᠩ ᠭᠠᠷᠭᠠᠨ᠂ ᠪᠡᠭᠡᠵᠢᠩ | ᠤᠨ ᠬᠡᠷᠡᠭᠯᠡᠭᠴᠢᠳ ᠤᠨ ᠰᠦᠯᠵᠢᠶᠡᠨ ᠠᠴᠠ ᠪᠠᠷᠠᠭ᠎ᠠ ᠠᠪᠬᠤ ᠳᠤ ᠲᠣᠭᠠᠴᠢᠯᠠᠭᠰᠠᠨ ᠲᠤᠯᠭᠠᠭᠤᠷᠢᠯᠠᠯ ᠬᠠᠩᠭᠠᠪᠠ᠃ | ᠮᠠᠨ ᠤ ᠣᠷᠣᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ ᠲᠣᠭᠤᠷᠢᠨ ᠳᠤ ᠣᠨᠴᠠᠯᠢᠭᠲᠤ ᠠᠵᠤ | ᠦᠢᠯᠡᠰ ᠢ ᠳᠡᠰ ᠳᠡᠪᠰᠢᠭᠦᠯᠬᠦ ᠠᠵᠢᠯᠯᠠᠭ᠎ᠠ ᠥᠷᠨᠢᠭᠦᠯᠵᠦ᠂ ᠭᠦᠭᠡᠬᠤᠲᠠ ᠶᠢᠨ ᠨᠣᠬᠠᠢ ᠶᠢᠨ ᠬᠤᠰᠢᠭᠤ᠂ ᠬᠥᠯᠥᠨ ᠪᠤᠶᠢᠷ | ᠤᠨ ᠰᠢᠷ᠎ᠠ ᠪᠤᠷᠴᠠᠭ᠂ ᠤᠯᠠᠭᠠᠨᠴᠠᠪ ᠤᠨ ᠲᠥᠮᠥᠰᠥ ᠵᠡᠷᠭᠡ ᠣᠷᠣᠨ ᠪᠦᠰᠡ ᠶᠢᠨ ᠣᠨᠴᠠᠯᠢᠭᠲᠤ ᠠᠵᠤ ᠦᠢᠯᠡᠰ ᠤᠨ | ᠪᠦᠯᠦᠭᠵᠢᠯ ᠢ ᠠᠩᠬ᠎ᠠ ᠠᠯᠬᠤᠮ ᠪᠤᠶ ᠪᠣᠯᠭᠠᠪᠠ᠃ ᠣᠳᠣᠬᠠᠨ ᠪᠤᠯᠲᠠᠯ᠎ᠠ ᠪᠡᠭᠡᠵᠢᠩ ᠤᠨ 35 ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠮᠠᠨ ᠤ ᠣᠷᠣᠨ ᠳᠤ ᠨᠤᠲᠤᠭᠰᠢᠭᠤᠯᠵᠤ᠂ ᠪᠡᠭᠡᠵᠢᠩ ᠤᠨ 66 ᠠᠵᠤ ᠠᠬᠤᠶᠢᠯᠠᠯ ᠪᠡᠯᠡ | ᠤᠷᠤᠭᠤᠯᠤᠯᠲᠠ ᠪᠠᠨ ᠨᠡᠮᠡᠭᠳᠡᠭᠦᠯᠦᠨ ᠪᠣᠳᠠᠲᠠᠢ ᠪᠡᠯᠡ ᠤᠷᠤᠭᠤᠯᠤᠯᠲᠠ ᠨᠢ 134.2 ᠳ᠋ᠦᠩᠰᠢᠭᠤᠷ ᠲᠥᠭᠦᠷᠢᠭ ᠲᠤ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ 2 ᠳᠠᠭᠢᠨ ᠪᠣᠯᠵᠠᠢ᠃ ᠪᠠᠰᠠ ᠬᠡᠪᠴᠢᠶᠡᠵᠢᠭᠦᠯᠦᠨ ᠡᠷᠴᠢᠮᠵᠢᠭᠦᠯᠬᠦ | ᠲᠣᠭᠤᠷᠢᠨ ᠳᠤ ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠠᠵᠢᠯᠯᠠᠭ᠎ᠠ ᠥᠷᠨᠢᠭᠦᠯᠵᠦ᠂ ᠰᠦ ᠶᠢᠨ ᠦᠢᠯᠡᠰ ᠪᠠ | ᠡᠷᠳᠡᠨᠢ ᠰᠢᠰᠢ ᠶᠢᠨ ᠮᠢᠩᠭᠠᠨ ᠳ᠋ᠦᠩᠰᠢᠭᠤᠷ ᠤᠨ ᠲᠠᠰ ᠤᠨ 2 ᠠᠵᠤ ᠦᠢᠯᠡᠰ ᠤᠨ ᠪᠦᠯᠦᠭᠵᠢᠯ ᠪᠣᠯᠣᠨ ᠵᠠᠭᠤᠨ | ᠳ᠋ᠦᠩᠰᠢᠭᠤᠷ ᠤᠨ ᠲᠠᠰ ᠤᠨ 10 ᠠᠵᠤ ᠦᠢᠯᠡᠰ ᠤᠨ ᠪᠦᠯᠦᠭᠵᠢᠯ ᠤᠨ ᠲᠣᠭᠤᠷᠢᠨ ᠳᠤ ᠪᠡᠭᠡᠵᠢᠩ ᠥᠪᠥᠷ | ᠮᠣᠩᠭᠤᠯ ᠤᠨ ᠬᠠᠮᠵᠢᠯᠴᠠᠭᠠᠨ ᠤ ᠠᠵᠤ ᠦᠢᠯᠡᠰ ᠤᠨ 53 ᠲᠥᠷᠥᠯ ᠵᠦᠢᠯ ᠢ ᠬᠡᠷᠡᠭᠵᠢᠭᠦᠯᠵᠦ᠂ ᠡᠬᠢᠨ ᠤ ᠪᠠ ᠡᠴᠦᠰ | ᠤᠨ ᠦᠢᠯᠡᠳᠬᠦᠨ ᠤ ᠤᠯᠠᠨ ᠠᠵᠤ ᠠᠬᠤᠶᠢᠯᠠᠯ ᠢ ᠲᠥᠪᠯᠡᠷᠡᠭᠦᠯᠦᠭᠰᠡᠨ ᠪᠠᠶᠢᠨ᠎ᠠ᠃ |