ᠭᠦᠭᠡᠬᠤᠲᠠ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ  ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/11/5
      ᠭᠦᠭᠡᠬᠤᠲᠠ ᠠᠵᠤ ᠦᠢᠯᠡᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠠᠵᠤ ᠦᠢᠯᠡᠰ ᠤᠨ ᠪᠦᠯᠦᠭᠵᠢᠯ ᠢ ᠴᠣᠭᠴᠠᠯᠠᠨ ᠪᠠᠶᠢᠭᠤᠯᠬᠤ ᠪᠠᠷ ᠭᠠᠷᠳᠠᠴᠠ ᠪᠣᠯᠭᠠᠨ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠣᠷᠣᠨ  ᠤ ᠲᠥᠪ ᠤᠨ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠪᠡ᠃      - ᠮᠠᠯ ᠠᠵᠤ ᠠᠬᠤᠢ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ ᠪᠦᠭᠦ ᠬᠤᠳᠠ ᠪᠠᠷ ᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 20.3 ᠲᠦᠮᠡᠨ ᠮᠦ ᠪᠦᠲᠦᠭᠡᠨ ᠪᠠᠶᠢᠭᠤᠯᠵᠤ᠂ ᠨᠢᠭᠡᠨᠲᠡ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠡᠮᠵᠢᠶᠡᠨ ᠤ ᠪᠠᠨ 82% ᠢ ᠪᠡᠶᠡᠯᠡᠭᠦᠯᠪᠡ᠃ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ ᠪᠠ ᠬᠤᠷᠢᠨᠭᠡᠷ ᠰᠢᠶᠠᠨ ᠳᠤ 50 ᠲᠦᠮᠡᠨ ᠮᠦ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ ᠨᠥᠭᠡᠴᠡᠯᠡᠵᠦ᠂ ᠣᠳᠣᠬᠠᠨ ᠳᠤ 7.2 ᠲᠦᠮᠡᠨ ᠮᠦ ᠶᠢ ᠠᠰᠢᠭᠯᠠᠯᠲᠠ ᠳᠤ ᠣᠷᠣᠭᠤᠯᠪᠠ᠃ ᠲᠦᠮᠡᠳ ᠵᠡᠭᠦᠨ ᠬᠤᠰᠢᠭᠤ᠂ ᠴᠢᠩ ᠱᠦᠢ ᠾᠧ ᠰᠢᠶᠠᠨ ᠪᠠ ᠰᠠᠶᠢᠬᠠᠨ ᠲᠣᠭᠤᠷᠢᠭ ᠲᠤ ᠲᠥᠬᠦᠭᠡᠷᠦᠮᠵᠢᠲᠦ ᠲᠠᠷᠢᠶᠠᠯᠠᠩ ᠢ 9796 ᠮᠦ ᠰᠢᠨ᠎ᠡ ᠪᠠᠷ ᠪᠠᠶᠢᠭᠤᠯᠤᠨ᠂ 2296 ᠮᠦ ᠶᠢ ᠥᠭᠡᠷᠡᠴᠢᠯᠡᠨ ᠳᠡᠰ ᠳᠡᠪᠰᠢᠭᠦᠯᠵᠦ᠂ 8363 ᠮᠦ ᠶᠢᠨ ᠢᠳᠡᠰᠢᠨ ᠨᠣᠭᠤᠭ᠎ᠠ ᠶᠢᠨ ᠲᠠᠷᠢᠶ᠎ᠠ ᠶᠢ ᠰᠢᠨ᠎ᠡ ᠪᠠᠷ ᠪᠠᠶᠢᠭᠤᠯᠪᠠ᠃ ᠲᠠᠯᠠᠪᠠᠢ ᠨᠢᠭᠡᠪᠦᠷᠢ ᠳᠤ 3000 ᠭᠠᠷᠤᠢ ᠮᠢᠬᠠᠨ ᠤ ᠬᠤᠨᠢ ᠲᠡᠵᠢᠭᠡᠵᠦ ᠪᠤᠯᠬᠤ ᠬᠡᠪᠴᠢᠶᠡᠵᠢᠭᠰᠡᠨ ᠲᠡᠵᠢᠭᠡᠪᠦᠷᠢ ᠶᠢᠨ ᠲᠠᠯᠠᠪᠠᠢ ᠶᠢ 6 ᠪᠠᠶᠢᠭᠤᠯᠵᠤ᠂ 23 ᠲᠦᠮᠡᠨ ᠮᠢᠬᠠᠨ ᠤ ᠬᠤᠨᠢ ᠲᠡᠵᠢᠭᠡᠨ ᠦᠷᠡᠵᠢᠭᠦᠯᠬᠦ ᠪᠠᠷ ᠲᠥᠯᠥᠪᠯᠡᠵᠦ ᠪᠠᠶᠢᠨ᠎ᠠ᠃      - ᠮᠠᠯ ᠠᠵᠤ ᠠᠬᠤᠢ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ  ᠢᠶᠠᠷ ᠳᠡᠭᠡᠭᠰᠢᠯᠡᠭᠦᠯᠪᠡ᠃ ᠪᠦᠭᠦ ᠬᠤᠲᠠ ᠶᠢᠨ ᠰᠠᠭᠠᠯᠢ ᠶᠢᠨ ᠦᠨᠢᠶ᠎ᠡ 39 ᠲᠦᠮᠡ᠂ ᠮᠢᠬᠠᠨ ᠤ ᠬᠤᠨᠢ 300 ᠲᠦᠮᠡ᠂ ᠭᠠᠭ᠋ᠠᠢ 50 ᠲᠦᠮᠡ᠂ ᠪᠣᠷᠳᠣᠨ ᠲᠠᠷᠭᠤᠯᠠᠭᠤᠯᠬᠤ ᠦᠬᠡᠷ 2.1 ᠲᠦᠮᠡ ᠶᠢ ᠳᠠᠪᠠᠵᠤ᠂ ᠮᠢᠬᠠᠨ ᠤ ᠲᠥᠷᠥᠯ ᠤᠨ ᠵᠢᠯ  ᠤᠨ ᠭᠠᠷᠤᠯᠲᠠ 9 ᠲᠦᠮᠡᠨ ᠲᠣᠨ ᠳᠤ ᠭᠦᠷᠪᠡ᠃ ᠵᠢᠯ ᠳᠤ ᠬᠥᠬᠡ ᠳᠠᠷᠤᠰᠢ   ᠶᠢᠨ ᠡᠷᠳᠡᠨᠢ ᠰᠢᠰᠢ 122.6 ᠲᠦᠮᠡᠨ ᠮᠦ᠂ ᠪᠣᠷᠣ ᠴᠠᠷᠭᠠᠰᠤ 20.3 ᠲᠦᠮᠡᠨ ᠮᠦ᠂ ᠨᠣᠬᠠᠢ ᠶᠢᠨ ᠬᠤᠰᠢᠭᠤ 18.1 ᠲᠦᠮᠡᠨ ᠮᠦ ᠲᠠᠷᠢᠵᠤ ᠪᠤᠢ᠃      - ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠴᠢᠩᠭᠠᠳᠬᠠᠪᠠ᠃ ᠴᠡᠯᠡᠭᠡᠷ ᠲᠠᠯ᠎ᠠ ᠶᠢᠨ ᠣᠯᠠᠨ ᠤᠯᠤᠰ ᠤᠨ ᠡᠪᠡᠰᠦᠨ ᠤ ᠦᠢᠯᠡᠰ ᠤᠨ ᠶᠡᠭᠡ ᠬᠤᠷᠠᠯ᠂ ᠴᠡᠯᠡᠭᠡᠷ ᠲᠠᠯ᠎ᠠ ᠶᠢᠨ ᠣᠯᠠᠨ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠶᠡᠭᠡ ᠬᠤᠷᠠᠯ ᠵᠡᠷᠭᠡ ᠶᠢ ᠠᠮᠵᠢᠯᠲᠠ  ᠲᠠᠢ ᠡᠷᠭᠢᠯᠡᠵᠦ᠂ ᠤᠯᠤᠰ ᠤᠨ ᠭᠠᠭ᠋ᠠᠢ ᠲᠡᠵᠢᠭᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠥᠪᠥᠷ ᠮᠣᠩᠭᠤᠯ  ᠤᠨ ᠬᠤᠪᠢᠶᠠᠷᠢ ᠲᠥᠪ ᠭᠦᠭᠡᠬᠤᠲᠠ ᠳᠤ ᠪᠠᠶᠢᠭᠤᠯᠤᠭᠳᠠᠪᠠ᠃ ᠤᠯᠤᠰ ᠤᠨ ᠲᠡᠰ ᠤᠨ 2 ᠡᠭᠦᠯᠳᠡᠷ ᠪᠣᠶᠢᠵᠢᠭᠤᠯᠬᠤ ᠲᠠᠯᠠᠪᠠᠢ ᠶᠢ ᠠᠮᠵᠢᠯᠲᠠ ᠲᠠᠢ ᠪᠠᠶᠢᠭᠤᠯᠵᠤ᠂ 16 ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠢᠱᠢᠶ᠎ᠡ ᠦᠵᠡᠭᠦᠯᠭᠦ ᠰᠠᠭᠤᠷᠢᠨ ᠢ ᠰᠢᠨ᠎ᠡ ᠪᠠᠷ ᠮᠠᠭᠠᠳᠯᠠᠨ ᠲᠣᠭᠲᠠᠭᠠᠬᠤ ᠶᠢᠨ ᠬᠠᠮᠲᠤ ᠣᠯᠠᠨ ᠵᠦᠢᠯ ᠤᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠨᠢᠭᠡ ᠪᠦᠯᠦᠭ ᠥᠨᠳᠥᠷ ᠬᠡᠪ ᠪᠣᠯᠪᠠᠰᠤᠷᠠᠯ ᠪᠦᠬᠦᠢ ᠲᠠᠷᠢᠶᠠᠴᠢᠨ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠡᠩᠨᠡᠭᠡ ᠶᠢ ᠪᠣᠶᠢᠵᠢᠭᠤᠯᠪᠠ᠃      - ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠪᠦᠭᠦ ᠲᠠᠯ᠎ᠠ ᠪᠠᠷ ᠳᠡᠯᠭᠡᠷᠡᠭᠦᠯᠦᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠴᠢᠬᠤᠯᠠ ᠶᠡᠭᠡ ᠵᠦᠢᠯᠡᠰ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠬᠥᠯᠥᠰᠦᠨ ᠲᠠᠷᠢᠶᠠᠴᠢᠨ ᠳᠤ ᠠᠵᠢᠯ ᠣᠯᠭᠤᠬᠤ ᠪᠠᠷ ᠲᠡᠳᠬᠦᠮᠵᠢ  ᠶᠢ ᠣᠷᠣᠯᠠᠭᠤᠯᠤᠭᠰᠠᠨ ᠴᠠᠯᠢᠩ ᠢ ᠨᠢᠭᠡᠨᠲᠡ 2300 ᠲᠦᠮᠡᠨ ᠲᠥᠭᠦᠷᠢᠭ ᠲᠠᠷᠬᠠᠭᠠᠪᠠ᠃ ᠡᠯ᠎ᠡ ᠲᠥᠷᠥᠯ ᠤᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠰᠢᠨ᠎ᠡ ᠪᠠᠷ 67 ᠪᠠᠶᠢᠭᠤᠯᠵᠤ᠂ 182 ᠲᠦᠮᠡᠨ ᠮᠦ ᠭᠠᠵᠠᠷ ᠲᠠᠷᠢᠶᠠᠨ ᠳᠤ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠵᠦ ᠪᠤᠢ᠃      - ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠦᠲᠦᠮᠵᠢᠲᠡᠶ ᠴᠢᠩᠭᠠᠳᠬᠠᠪᠠ᠃ ᠲᠠᠷᠢᠶᠠᠯᠠᠩ ᠤᠨ ᠠᠷᠪᠢᠲᠠᠢ ᠤᠰᠤᠯᠠᠯᠲᠠ ᠶᠢᠨ ᠠᠵᠢᠯ ᠢ ᠢᠳᠡᠪᠬᠢᠲᠡᠢ ᠠᠬᠢᠭᠤᠯᠵᠤ᠂ ᠤᠰᠤ ᠠᠷᠪᠢᠯᠠᠨ ᠤᠰᠤᠯᠠᠬᠤ ᠲᠠᠷᠢᠶᠠᠨ ᠭᠠᠵᠠᠷ ᠤᠨ ᠲᠠᠯᠠᠪᠠᠢ 45.6 ᠲᠦᠮᠡᠨ ᠮᠦ ᠳᠤ ᠬᠦᠷᠭᠡᠪᠡ᠃ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠲᠤᠰᠬᠠᠶᠢᠵᠢᠭᠰᠠᠨ ᠨᠢᠭᠡᠳᠦᠯᠲᠡᠢ ᠰᠡᠷᠭᠡᠶᠢᠯᠡᠵᠦ ᠨᠢᠭᠡᠳᠦᠯᠲᠡᠢ ᠵᠠᠰᠠᠬᠤ ᠲᠠᠷᠢᠶᠠᠨ ᠭᠠᠵᠠᠷ ᠤᠨ ᠲᠠᠯᠠᠪᠠᠶ ᠶᠢ 306.02 ᠲᠦᠮᠡᠨ ᠮᠦ ᠪᠡᠶᠡᠯᠡᠭᠦᠯᠵᠦ᠂ ᠲᠠᠷᠢᠶᠠᠨ ᠡᠮ ᠤᠨ ᠪᠣᠬᠢᠷᠳᠤᠯ ᠦᠭᠡᠢ ᠰᠡᠷᠭᠡᠶᠢᠯᠡᠨ ᠡᠵᠡᠮᠳᠡᠬᠦ ᠲᠠᠷᠢᠶᠠᠨ ᠭᠠᠵᠠᠷ ᠤᠨ ᠲᠠᠯᠠᠪᠠᠶ ᠶᠢ 317.7 ᠲᠦᠮᠡᠨ ᠮᠦ ᠪᠡᠶᠡᠯᠡᠭᠦᠯᠵᠦ᠂ ᠬᠥᠷᠥᠰᠥ ᠰᠢᠷᠣᠢ ᠶᠢ ᠰᠢᠨᠵᠢᠨ ᠪᠣᠷᠳᠣᠭᠤᠷ ᠣᠷᠣᠭᠤᠯᠬᠤ ᠮᠡᠷᠭᠡᠵᠢᠯ ᠤᠨ ᠪᠦᠷᠬᠦᠴᠡ ᠶᠢᠨ ᠨᠣᠷᠮ᠎ᠠ ᠪᠣᠯᠣᠨ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠴᠥᠮ 90% ᠶᠢ ᠳᠠᠪᠠᠭᠤᠯᠪᠠ᠃ 
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号