ᠪᠥᠬᠦ ᠣᠷᠣᠨ ᠤ ᠲᠠᠷᠢᠶᠠᠨ ᠭᠠᠵᠠᠷ ᠢ ᠲᠥᠷᠥᠯ ᠬᠤᠪᠢᠶᠠᠨ ᠬᠠᠮᠢᠶᠠᠷᠬᠤ ᠮᠡᠷᠭᠡᠵᠢᠯ ᠵᠢᠴᠢ ᠡᠰᠢ ᠰᠦᠷᠡᠯ ᠤᠨ ᠰᠦᠯᠢᠶᠥᠦ ᠪᠦᠷᠬᠦᠪᠴᠢ ᠶᠢᠨ ᠡᠬᠡ ᠲᠠᠩᠰᠠ ᠶᠢᠨ ᠪᠦᠲᠦᠭᠡᠨ ᠪᠠᠶᠢᠭᠤᠯᠤᠯᠲᠠ ᠶᠢᠨ ᠪᠣᠯᠪᠠᠰᠤᠷᠠᠯ ᠤᠨ ᠠᠩᠭᠢ ᠶᠢ ᠠᠮᠵᠢᠯᠲᠠᠲᠠᠢ ᠡᠷᠬᠢᠯᠡᠪᠡ
ᠨᠡᠶᠢᠲᠡᠯᠡᠭᠰᠡᠨ ᠴᠠᠭ᠄
2024/11/8
      11 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠪᠥᠬᠦ ᠣᠷᠣᠨ ᠤ ᠲᠠᠷᠢᠶᠠᠨ ᠭᠠᠵᠠᠷ ᠢ ᠲᠥᠷᠥᠯ ᠬᠤᠪᠢᠶᠠᠨ ᠬᠠᠮᠢᠶᠠᠷᠬᠤ ᠮᠡᠷᠭᠡᠵᠢᠯ ᠵᠢᠴᠢ ᠡᠰᠢ ᠰᠦᠷᠡᠯ ᠤᠨ ᠰᠦᠯᠢᠶᠥᠦ ᠪᠦᠷᠬᠦᠪᠴᠢ ᠶᠢᠨ ᠡᠬᠡ ᠲᠠᠩᠰᠠ ᠶᠢᠨ ᠪᠠᠶᠢᠭᠤᠯᠤᠯᠲᠠ ᠶᠢᠨ ᠪᠣᠯᠪᠠᠰᠤᠷᠠᠯ ᠤᠨ ᠠᠩᠭᠢ ᠶᠢ ᠤᠯᠠᠭᠠᠨᠴᠠᠪ ᠬᠤᠲᠠ ᠳᠤ ᠠᠮᠵᠢᠯᠲᠠᠲᠠᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠭᠠᠵᠠᠷ ᠤᠨ ᠳᠠᠷᠤᠭ᠎ᠠ ᠳ᠋ᠦᠩ ᠴᠢ ᠪᠢᠶᠣᠣ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠶᠠᠩ ᠶᠦᠩ ᠠᠩᠭᠢ ᠡᠬᠢᠯᠡᠬᠦ ᠶᠣᠰᠣᠯᠠᠯ ᠳᠤ ᠣᠷᠣᠯᠴᠠᠪᠠ᠃ 12 ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠰᠠᠯᠠᠭ᠎ᠠ᠂ ᠠᠮᠢ ᠠᠬᠤᠢ ᠶᠢᠨ ᠡᠬᠢ ᠪᠠᠶᠠᠯᠢᠭ ᠤᠨ ᠲᠥᠪ ᠤᠨ ᠬᠠᠷᠢᠭᠤᠴᠠᠯᠭᠠᠲᠠᠨ᠂ ᠭᠤᠣᠯᠳᠠᠯᠭ᠎ᠠ ᠲᠠᠢ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠮᠡᠷᠭᠡᠵᠢᠯ ᠤᠨ ᠨᠢᠷᠤᠭᠤᠪᠴᠢ 90 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃
1.png
      ᠪᠣᠯᠪᠠᠰᠤᠷᠠᠯ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠭᠤᠣᠯ ᠬᠠᠷᠢᠭᠤᠴᠠᠯᠭᠠᠲᠠᠨ ᠤ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠤᠨ ᠠᠵᠢᠯ ᠳᠤ ︽ᠳᠥᠷᠪᠡᠨ ᠣᠳᠣᠬᠢᠴᠢᠯᠠᠯᠲᠠ ᠠᠷᠪᠠᠨ ᠪᠣᠯᠪᠠᠰᠤᠨ ᠲᠠᠢ︾ ᠪᠠᠶᠢᠬᠤ ᠬᠡᠷᠡᠭᠲᠡᠢ ᠭᠡᠰᠡᠨ ᠵᠢᠭᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠠᠲᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠢ ᠠᠵᠢᠯ ᠤᠨ ᠳᠤᠭᠤᠶᠢᠯᠠᠩ ᠤᠨ ᠪᠠᠶᠢᠭᠤᠯᠤᠭᠳᠠᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠣᠶᠢᠷ᠎ᠠ ᠶᠢᠨ ᠬᠤᠭᠤᠴᠠᠭᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠡᠨᠧᠷᠭᠢ ᠶᠢᠨ ᠰᠤᠷᠪᠤᠯᠵᠢ ᠶᠢᠨ ᠠᠵᠢᠯ ᠳᠤ ᠭᠤᠣᠯᠳᠠᠯᠭ᠎ᠠ ᠲᠠᠢ ᠳᠠᠬᠢᠨ ᠪᠠᠶᠢᠷᠢᠯᠠᠭᠤᠯᠤᠯᠲᠠ ᠪᠠ ᠳᠠᠬᠢᠨ ᠱᠠᠭᠠᠷᠳᠠᠯᠭ᠎ᠠ ᠭᠠᠷᠭᠠᠵᠠᠢ᠃      ᠪᠣᠯᠪᠠᠰᠤᠷᠠᠯ ᠤᠨ ᠠᠩᠭᠢ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠠᠮᠢ ᠠᠬᠤᠢ ᠬᠢᠭᠡᠳ ᠡᠬᠢ ᠪᠠᠶᠠᠯᠢᠭ ᠤᠨ ᠬᠠᠮᠠᠭᠠᠯᠠᠯᠲᠠ ᠶᠢᠨ ᠶᠡᠷᠦᠩᠬᠡᠢ ᠥᠷᠲᠡᠭᠡᠨ ᠤ ᠰᠤᠳᠤᠯᠤᠭᠴᠢ ᠯᠢ ᠰᠢᠶᠣᠣ ᠬᠤᠸᠠ ᠤᠷᠢᠯᠭ᠎ᠠ ᠬᠦᠯᠢᠶᠡᠨ ︽ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠠᠬᠢᠴᠠ ᠬᠢᠭᠡᠳ ᠪᠠᠷᠠᠭᠠᠯᠠᠯ︾ ᠭᠡᠬᠦ ᠰᠡᠳᠦᠪ ᠢᠶᠠᠷ ᠠᠵᠢᠯ ᠤᠨ ᠤᠴᠢᠷ ᠰᠢᠯᠲᠠᠭᠠᠨ ᠢ ᠨᠠᠷᠢᠨ ᠨᠢᠮᠪᠠᠢ ᠡᠮᠬᠢᠯᠡᠵᠦ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠵᠠᠳᠠᠯᠤᠯᠲᠠ ᠬᠢᠵᠦ᠂ ᠮᠡᠷᠭᠡᠵᠢᠯ ᠤᠨ ᠭᠤᠣᠯᠳᠠᠯᠭ᠎ᠠ ᠶᠢ ᠲᠠᠶᠢᠯᠪᠤᠷᠢᠯᠠᠨ᠂ ᠡᠯ᠎ᠡ ᠮᠤᠵᠢ ᠶᠢᠨ ᠬᠥᠳᠡᠯᠦᠩᠭᠦᠢ ᠲᠣᠬᠢᠷᠠᠭᠤᠯᠤᠯᠲᠠ ᠶᠢᠨ ᠪᠣᠳᠠᠲᠤ ᠵᠢᠱᠢᠶ᠎ᠡ ᠶᠢ ᠬᠤᠪᠢᠶᠠᠯᠴᠠᠵᠤ᠂ ᠠᠭᠤᠯᠭ᠎ᠠ ᠨᠢ ᠪᠦᠷᠢᠨ ᠲᠡᠭᠦᠯᠳᠡᠷ᠂ ᠣᠶᠢᠯᠠᠭᠠᠬᠤ ᠳᠤ ᠬᠢᠯᠪᠠᠷ ᠪᠣᠯᠤᠭᠰᠠᠨ ᠪᠠᠶᠢᠨ᠎ᠠ᠃
2.png
      ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠡᠬᠢ ᠪᠠᠶᠠᠯᠢᠭ ᠤᠨ ᠲᠥᠪ ᠤᠨ ᠮᠡᠷᠭᠡᠵᠢᠯ ᠤᠨ ᠠᠵᠢᠯᠲᠠᠳ ᠪᠠᠰᠠ ᠲᠣᠰ ᠲᠣᠰ ᠲᠠᠷᠢᠮᠠᠯ ᠤᠨ ᠡᠰᠢ ᠰᠦᠷᠡᠯ ᠤᠨ ᠪᠦᠷᠢᠳᠬᠡᠯ ᠤᠨ ᠡᠬᠡ ᠲᠠᠩᠰᠠ ᠶᠢ ᠲᠠᠭᠯᠠᠨ ᠮᠡᠳᠡᠭᠦᠯᠵᠦ ᠬᠢᠨᠠᠨ ᠬᠠᠷᠭᠤᠭᠤᠯᠬᠤ ᠭᠤᠣᠯᠳᠠᠯᠭ᠎ᠠ᠂ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠬᠤᠷᠢᠶᠠᠨ ᠠᠪᠴᠢᠷᠠᠬᠤ ᠡᠬᠡ ᠲᠠᠩᠰᠠ ᠶᠢ ᠲᠠᠭᠯᠠᠨ ᠮᠡᠳᠡᠭᠦᠯᠬᠦ ᠪᠠ ᠭᠦᠢᠴᠡᠳᠬᠡᠯ ᠲᠤᠭ᠎ᠠ ᠶᠢᠨ ᠲᠠᠶᠢᠯᠤᠮᠵᠢ ᠶᠢᠨ ᠲᠣᠭᠤᠷᠢᠨ ᠳᠤ ᠲᠠᠶᠢᠯᠤᠮᠵᠢ ᠬᠢᠪᠡ᠃
3.png
      ᠡᠯ᠎ᠡ ᠠᠶᠢᠮᠠᠭ ᠬᠤᠳᠠ ᠰᠦᠯᠢᠶᠥᠦ ᠪᠦᠷᠬᠦᠪᠴᠢ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ ᠡᠭᠡᠭᠦᠯᠦᠨ ᠬᠤᠷᠢᠶᠠᠬᠤ ᠡᠬᠡ ᠲᠠᠩᠰᠠ ᠶᠢᠨ ᠪᠠᠶᠢᠭᠤᠯᠤᠯᠲᠠ ᠶᠢᠨ ᠲᠤᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号