ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠠᠯᠲᠠᠨ ᠨᠠᠮᠤᠷ ᠤᠨ ᠬᠡᠷᠡᠭᠯᠡᠭᠡᠨ ᠤ ᠤᠯᠠᠷᠢᠯ ᠤᠨ ︽ᠨᠤᠲᠤᠭ ᠤᠨ ᠣᠨᠴᠠ ᠭᠠᠷᠤᠯᠲᠠ︾ ᠶᠢᠨ ᠲᠠᠨᠢᠯᠴᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2024/11/8
      11 ᠰᠠᠷ᠎ᠠ ᠶᠢᠨ 7 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠡ ᠵᠠᠩᠭᠢ ᠶᠢᠨ ᠲᠥᠪ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠲᠠᠷᠢᠶᠠᠯᠠᠩ ᠬᠥᠳᠡᠭᠡ ᠲᠣᠰᠬᠤᠨ ᠤ ᠫᠷᠣᠭ᠍ᠷᠠᠮ ᠤᠨ ᠲᠥᠪ ᠠᠴᠠ ᠭᠤᠣᠯᠯᠠᠨ ᠡᠷᠭᠢᠯᠡᠭᠰᠡᠨ 2024 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠠᠯᠲᠠᠨ ᠨᠠᠮᠤᠷ ᠤᠨ ᠬᠡᠷᠡᠭᠯᠡᠭᠡᠨ ᠤ ᠤᠯᠠᠷᠢᠯ ᠤᠨ ︽ᠨᠤᠲᠤᠭ ᠤᠨ ᠣᠨᠴᠠᠭᠠᠷᠤᠯᠲᠠ︾ ᠶᠢ ᠲᠥᠪᠯᠡᠷᠡᠭᠦᠯᠦᠨ ᠲᠠᠨᠢᠯᠴᠠᠭᠤᠯᠬᠤ ᠠᠵᠢᠯᠯᠠᠭ᠎ᠠ ᠬᠠᠩᠵᠧᠦ ᠬᠤᠲᠠ ᠶᠢᠨ ᠯᠢᠨ ᠠᠨ ᠲᠣᠭᠤᠷᠢᠭ ᠲᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠮᠠᠨ ᠤ ᠣᠷᠣᠨ ᠤ 20 ᠠᠵᠤ ᠠᠬᠤᠶᠢᠯᠠᠯ ᠢ ᠵᠣᠬᠢᠶᠠᠨ ᠪᠠᠶᠢᠭᠤᠯᠵᠤ᠂ ᠬᠡᠳᠦᠨ ᠠᠷᠪᠠᠨ ᠵᠦᠢᠯ ᠤᠨ ︽ᠨᠤᠲᠤᠭ ᠤᠨ ᠣᠨᠴᠠ ᠭᠠᠷᠤᠯᠲᠠ︾ ᠶᠢ ᠲᠠᠨᠢᠯᠴᠠᠭᠤᠯᠭ᠎ᠠ ᠶᠢᠨ ᠠᠵᠢᠯᠯᠠᠭ᠎ᠠ ᠳᠤ ᠣᠷᠣᠯᠴᠠᠭᠤᠯᠪᠠ᠃
1.png
      ᠲᠤᠰ ᠤᠳᠠᠭᠠᠨ ᠤ ᠠᠵᠢᠯᠯᠠᠭ᠎ᠠ ᠨᠢ ︽ᠡᠯᠪᠡᠭ ᠬᠤᠷᠢᠶᠠᠯᠲᠠ ᠶᠢ ᠪᠡᠯᠭᠡᠯᠡᠬᠦ᠂ ᠬᠡᠷᠡᠭᠯᠡᠭᠡ ᠶᠢ ᠠᠬᠢᠭᠤᠯᠬᠤ᠂ ᠬᠤᠲᠠ ᠬᠥᠳᠡᠭᠡ ᠶᠢ ᠠᠭᠤᠰᠤᠯᠴᠠᠭᠤᠯᠬᠤ︾ ᠪᠠᠷ ᠭᠤᠣᠯ ᠰᠡᠳᠦᠪ ᠪᠣᠯᠭᠠᠵᠤ᠂ ᠲᠤᠬᠠᠢ ᠶᠢᠨ ᠲᠠᠯᠠᠪᠤᠷ ᠲᠤ ᠪᠦᠬᠦ ᠤᠯᠤᠰ ᠤᠨ ︽ᠨᠤᠲᠤᠭ ᠤᠨ ᠣᠨᠴᠠ ᠭᠠᠷᠤᠯᠲᠠ︾ ᠶᠢᠨ ᠵᠡᠭᠡᠯᠢ ᠲᠣᠭᠤᠷᠢᠭ᠂ ᠲᠠᠷᠢᠶᠠᠯᠠᠩ ᠤᠨ ᠨᠡᠷᠡᠲᠦ  ᠲᠥᠷᠥᠯ ᠲᠡᠮᠳᠡᠭᠲᠦ ᠵᠡᠭᠡᠯᠢ ᠲᠣᠭᠤᠷᠢᠭ᠂ ᠲᠠᠷᠢᠶᠠᠯᠠᠩ ᠵᠢᠭᠤᠯᠴᠢᠯᠠᠯ ᠢ ᠤᠶᠠᠯᠳᠤᠭᠤᠯᠤᠭᠰᠠᠨ ᠵᠡᠭᠡᠯᠢ ᠲᠣᠭᠤᠷᠢᠭ᠂ ᠣᠶᠤᠨᠲᠤ ᠲᠠᠷᠢᠶᠠᠯᠠᠩ ᠤᠨ ᠲᠣᠭᠠᠴᠢᠯᠠᠭᠰᠠᠨ ᠬᠥᠳᠡᠭᠡ ᠲᠣᠰᠬᠤᠨ ᠤ ᠵᠡᠭᠡᠯᠢ ᠲᠣᠭᠤᠷᠢᠭ ᠵᠡᠷᠭᠡ ᠣᠨᠴᠠᠯᠢᠭᠲᠤ ᠵᠡᠭᠡᠯᠢ ᠲᠣᠭᠤᠷᠢᠭ ᠢ ᠲᠣᠬᠢᠷᠠᠭᠤᠯᠵᠤ᠂ ᠳᠡᠯᠭᠡᠨ ᠦᠵᠡᠭᠦᠯᠦᠭᠰᠡᠨ ᠬᠡᠪᠴᠢᠶ᠎ᠡ ᠨᠢ ᠪᠠᠷᠤᠭ 3 ᠲᠦᠮᠡ ᠭᠠᠷᠤᠢ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠪᠤᠰᠤ ᠭᠠᠵᠠᠷ ᠣᠷᠣᠨ ᠤ ︽ᠨᠤᠲᠤᠭ ᠤᠨ ᠣᠨᠴᠠ ᠭᠠᠷᠤᠯᠲᠠ︾ ᠶᠢᠨ ᠡᠷᠬᠡ ᠣᠯᠭᠤᠭᠰᠠᠨ ᠠᠵᠤ ᠠᠬᠤᠶᠢᠯᠠᠯ ᠤᠨ ᠦᠢᠯᠡᠳᠬᠦᠨ᠂ ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠰᠣᠳᠣᠨ ᠪᠦᠲᠦᠭᠡᠭᠳᠡᠬᠦᠨ ᠢ ᠪᠣᠶᠢᠵᠢᠭᠤᠯᠬᠤ ᠲᠥᠯᠥᠪᠯᠡᠭᠡ ᠶᠢᠨ ᠨᠠᠷᠠᠲᠤ ᠲᠥᠷᠥᠯ ᠲᠡᠮᠳᠡᠭᠲᠦ ᠶᠢᠨ ᠦᠢᠯᠡᠳᠬᠦᠨ ᠵᠢᠴᠢ ᠶᠠᠳᠠᠭᠤ  ᠠᠴᠠ ᠠᠩᠭᠢᠵᠢᠷᠠᠭᠰᠠᠨ ᠭᠠᠵᠠᠷ ᠣᠷᠣᠨ᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠲᠣᠯᠣᠭᠠᠶᠢᠯᠠᠭᠴᠢ ᠠᠵᠤ ᠠᠬᠤᠶᠢᠯᠠᠯ ᠤᠨ ᠦᠢᠯᠡᠳᠬᠦᠨ ᠢ ᠬᠠᠮᠤᠷᠴᠠᠢ᠃ ︽ᠨᠤᠲᠤᠭ ᠤᠨ ᠣᠨᠴᠠ ᠭᠠᠷᠤᠯᠲᠠ︾ ᠶᠢᠨ ᠠᠯᠳᠠᠨ ᠨᠠᠮᠤᠷ ᠤᠨ ᠬᠡᠷᠡᠭᠯᠡᠭᠡᠨ ᠤ ᠲᠣᠮᠣ ᠴᠤᠭᠯᠠᠷᠠᠯ᠂ ︽ᠨᠤᠲᠤᠭ ᠤᠨ ᠣᠨᠴᠠ ᠭᠠᠷᠤᠯᠲᠠ︾ ᠶᠢᠨ ᠲᠤᠰᠬᠠᠢ ᠲᠠᠨᠢᠯᠴᠠᠭᠤᠯᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ ᠪᠦᠬᠦ ᠤᠯᠤᠰ ᠤᠨ 31 ᠮᠤᠵᠢ ᠣᠷᠣᠨ ᠤ 220 ᠭᠠᠷᠤᠢ ᠰᠢᠶᠠᠨ ᠤ 560 ᠭᠠᠷᠤᠢ ᠭᠤᠣᠯ ᠴᠣᠭᠴᠠ ᠶᠢ ᠵᠣᠬᠢᠶᠠᠨ ᠪᠠᠶᠢᠭᠤᠯᠵᠤ᠂ ᠤᠯᠠᠨ ᠵᠦᠢᠯ ᠤᠨ ︽ᠨᠤᠲᠤᠭ ᠤᠨ ᠣᠨᠴᠠ ᠭᠠᠷᠤᠯᠲᠠ︾ ᠶᠢ ᠠᠪᠴᠤ ᠯᠢᠨ ᠠᠨ ᠳᠤ ᠴᠤᠭᠯᠠᠷᠠᠭᠤᠯᠪᠠ᠃ ᠮᠠᠨ ᠤ ᠣᠷᠣᠨ ᠠᠴᠠ ᠢᠷᠡᠭᠰᠡᠨ ᠤᠯᠠᠭᠠᠨᠴᠠᠪ ᠤᠨ ᠲᠥᠮᠥᠰᠥ᠂ ᠰᠢᠯᠢ ᠶᠢᠨ ᠭᠤᠣᠯ ᠤᠨ ᠪᠢᠰᠢᠯᠠᠭ᠂ ᠠᠯᠠᠱᠠ ᠶᠢᠨ ᠲᠡᠮᠡᠭᠡᠨ ᠰᠦ ᠵᠡᠷᠭᠡ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠲᠠᠨᠢᠯᠴᠠᠭᠤᠯᠬᠤ ᠠᠵᠢᠯᠯᠠᠭ᠎ᠠ ᠳᠤ ᠣᠷᠣᠯᠴᠠᠵᠤ᠂ ᠦᠵᠡᠰᠬᠦᠯᠡᠩ ᠳᠤ ᠣᠷᠣᠯᠴᠠᠭᠰᠠᠨ ᠮᠠᠰᠢ ᠤᠯᠠᠨ ᠬᠤᠳᠠᠯᠳᠤᠭᠠᠴᠢᠨ ᠪᠣᠯᠣᠨ ᠬᠤᠳᠠ ᠶᠢᠨ ᠠᠷᠠᠳ ᠤᠨ ᠠᠩᠬᠠᠷᠤᠯ ᠢ ᠲᠠᠲᠠᠵᠠᠢ᠃
2.png
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠠᠯᠲᠠᠨ ᠨᠠᠮᠤᠷ ᠤᠨ ᠬᠡᠷᠡᠭᠯᠡᠭᠡᠨ ᠤ ᠤᠯᠠᠷᠢᠯ ᠤᠨ ︽ᠨᠤᠲᠤᠭ ᠤᠨ ᠣᠨᠴᠠ ᠭᠠᠷᠤᠯᠲᠠ︾ ᠶᠢᠨ ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠠᠰᠢᠭᠯᠠᠵᠤ᠂ ᠤᠯᠠᠭᠠᠨᠴᠠᠪ ᠤᠨ ᠲᠥᠮᠥᠰᠥ᠂ ᠰᠢᠯᠢ ᠶᠢᠨ ᠭᠤᠣᠯ ᠤᠨ ᠪᠢᠰᠢᠯᠠᠭ ᠵᠡᠷᠭᠡ ᠣᠷᠣᠨ ᠪᠦᠰᠡ ᠶᠢᠨ ᠬᠠᠮᠲᠤ ᠶᠢᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠢ ᠦᠷᠭᠦᠯᠵᠢᠯᠡᠨ ᠪᠠᠳᠠᠷᠠᠭᠤᠯᠵᠤ᠂ ᠴᠢᠨᠠᠷ ᠰᠠᠶᠢᠲᠠᠢ ︽ᠨᠤᠲᠤᠭ ᠤᠨ ᠣᠨᠴᠠ ᠭᠠᠷᠤᠯᠲᠠ︾ ᠪᠠ ᠨᠠᠷᠠᠲᠤ ᠲᠥᠷᠥᠯ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠤᠨ ᠪᠠᠳᠠᠷᠠᠭᠤᠯᠵᠤ᠂ ︽ᠨᠤᠲᠤᠭ ᠤᠨ ᠣᠨᠴᠠ ᠭᠠᠷᠤᠯᠲᠠ︾ ᠬᠢᠭᠡᠳ ᠲᠠᠷᠢᠶᠠᠯᠠᠩ ᠤᠨ ᠨᠠᠷᠠᠲᠤ ᠲᠥᠷᠥᠯ ᠲᠡᠮᠳᠡᠭᠲᠦ ᠶᠢᠨ ᠠᠭᠤᠰᠤᠯᠳᠤᠨ ᠬᠥᠭᠵᠢᠬᠦ ᠶᠢ ᠠᠬᠢᠭᠤᠯᠤᠨ᠂ ᠪᠦᠬᠦ᠋ᠢᠯᠡ ᠠᠵᠤ ᠦᠢᠯᠡᠰ ᠤᠨ ᠬᠡᠯᠬᠢᠶ᠎ᠡ ᠶᠢᠨ ᠨᠠᠩ ᠰᠠᠶᠢᠨ ᠬᠥᠭᠵᠢᠯᠲᠡ ᠶᠢ ᠳᠠᠶᠢᠴᠢᠯᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠂ ᠨᠠᠩ ᠣᠯᠠᠨ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠢ ᠪᠥᠬᠦ ᠤᠯᠤᠰ ᠲᠤ ᠠᠯᠳᠠᠷᠰᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号