2024 ᠣᠨ ᠤ ᠮᠠᠯ ᠠᠵᠤ ᠠᠬᠤᠢ ᠶᠢᠨ ᠰᠠᠶᠢᠨ ᠡᠭᠦᠯᠳᠡᠷ ᠤᠨ ᠨᠥᠬᠦᠪᠦᠷᠢ ᠶᠢᠨ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/11/8
      ᠨᠢᠭᠡ᠂ ᠨᠥᠬᠦᠪᠦᠷᠢ ᠣᠯᠭᠤᠬᠤ ᠡᠲᠡᠭᠡᠳ      ᠰᠢᠯᠢᠳᠡᠭ ᠡᠭᠦᠯᠳᠡᠷ ᠤᠨ ᠬᠤᠴᠠ ᠶᠢ ᠬᠡᠷᠡᠭᠯᠡᠨ ᠦᠷᠡᠵᠢᠭᠦᠯᠵᠦ ᠪᠠᠶᠢᠭ᠎ᠠ ᠦᠷᠡᠵᠢᠵᠦ ᠳᠡᠶᠢᠯᠬᠦ ᠡᠮ᠎ᠡ ᠬᠤᠨᠢ ᠶᠢ 30 ᠠᠴᠠ ᠳᠡᠭᠡᠭᠰᠢ ᠲᠡᠵᠢᠭᠡᠨ ᠦᠷᠡᠵᠢᠭᠦᠯᠬᠦ ᠳᠠᠯᠠᠪᠠᠢ ︵ᠡᠷᠦᠬᠡ︶᠂ ᠲᠡᠵᠢᠭᠡᠨ ᠦᠷᠡᠵᠢᠭᠦᠯᠬᠦ ᠳᠠᠯᠠᠪᠠᠢ ᠶᠢᠨ ᠬᠤᠭᠤᠷᠣᠨᠳᠤ ᠪᠠᠨ ᠡᠭᠦᠯᠳᠡᠷ ᠰᠣᠯᠢᠪᠠᠯ ᠨᠥᠬᠦᠪᠦᠷᠢ ᠥᠭᠬᠦ ᠦᠭᠡᠢ ᠮᠥᠷᠲᠡᠭᠡᠨ ᠨᠥᠬᠦᠪᠦᠷᠢ ᠥᠭᠬᠦ ᠳᠤ ᠣᠷᠣᠯᠴᠠᠭᠰᠠᠨ ᠥᠪᠥᠷ ᠮᠣᠩᠭᠤᠯ  ᠤᠨ ᠨᠣᠯᠤᠤᠷ  ᠤᠨ ᠢᠮᠠᠭᠠᠨ ᠤ ᠡᠭᠦᠯᠳᠡᠷ ᠤᠨ ᠤᠬᠤᠨ᠎ᠠ ᠶᠢᠨ ᠨᠣᠯᠤᠤᠷ ᠤᠨ ᠰᠢᠷᠬᠡᠭ  ᠤᠨ ᠨᠠᠷᠢᠯᠠᠭ  ᠤᠨ ᠬᠡᠮᠵᠢᠶ᠎ᠡ ᠨᠢ ᠡᠷᠬᠡᠪᠰᠢ 14.5 ᠮᠢᠺᠷᠤᠮᠧᠲ ᠠᠴᠠ ᠳᠣᠷᠣᠭᠰᠢ ᠪᠠᠶᠢᠬᠤ ᠬᠡᠷᠡᠭᠲᠡᠢ᠃ ᠠᠯᠠᠰᠢᠨ ᠦᠬᠡᠷ ᠤᠨ ᠰᠠᠶᠢᠨ ᠡᠭᠦᠯᠳᠡᠷ ᠤᠨ ᠢᠴᠡᠭᠡᠯ ᠦᠷ᠎ᠡ ᠶᠢ ᠬᠡᠷᠡᠭᠯᠡᠨ ᠵᠤᠬᠢᠶᠠᠮᠠᠯ ᠬᠡᠭᠡᠯᠳᠦᠭᠦᠯᠭᠡ ᠬᠢᠵᠦ ᠪᠠᠶᠢᠭ᠎ᠠ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ᠃      ᠬᠤᠶᠠᠷ᠂ ᠨᠥᠬᠦᠪᠦᠷᠢ ᠣᠯᠭᠤᠬᠤ ᠪᠠᠷᠢᠮᠵᠢᠶ᠎ᠠ      ᠨᠥᠬᠦᠪᠦᠷᠢ ᠶᠢᠨ ᠪᠠᠷᠢᠮᠵᠢᠶ᠎ᠠ ᠶᠢ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠬ᠎ᠠ ᠳᠡᠯᠭᠡᠭᠦᠷ ᠤᠨ ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠨ ᠲᠣᠭᠲᠠᠭᠠᠨ᠎ᠠ᠃ ᠵᠠᠷᠴᠢᠮ ᠳᠡᠭᠡᠷ᠎ᠡ ᠪᠠᠨ ᠣᠷᠣᠨ ᠨᠤᠲᠤᠭ ᠤᠨ ᠡᠭᠦᠯᠳᠡᠷ ᠤᠨ ᠬᠤᠴᠠ ᠨᠢᠭᠡᠪᠦᠷᠢ ᠶᠢᠨ ᠨᠥᠬᠦᠪᠦᠷᠢ ᠶᠢ 1600 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠂ ᠪᠣᠶᠢᠵᠢᠭᠤᠯᠤᠭᠰᠠᠨ ᠡᠭᠦᠯᠳᠡᠷ ᠪᠣᠯᠣᠨ ᠭᠠᠳᠠᠭᠠᠳᠤ ᠠᠴᠠ ᠣᠷᠣᠭᠤᠯᠤᠭᠰᠠᠨ ᠡᠭᠦᠯᠳᠡᠷ ᠨᠢᠭᠡᠪᠦᠷᠢ ᠶᠢᠨ ᠨᠥᠬᠦᠪᠦᠷᠢ ᠶᠢ 3000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ ᠰᠠᠭᠤᠷᠢ ᠦᠨᠢᠶ᠎ᠡ ᠨᠢᠭᠡᠪᠦᠷᠢ ᠳᠤ ᠬᠤᠶᠠᠷ ᠤᠳᠠᠭ᠎ᠠ ᠢᠴᠡᠭᠡᠯ ᠦᠷ᠎ᠡ ᠨᠥᠬᠦᠪᠦᠷᠢᠯᠡᠵᠦ᠂ ᠢᠴᠡᠭᠡᠯ ᠦᠷ᠎ᠡ ᠨᠢᠭᠡᠪᠦᠷᠢ ᠳᠤ 5 ᠲᠥᠭᠦᠷᠢᠭ ᠨᠥᠬᠦᠪᠦᠷᠢᠯᠡᠨ᠎ᠡ᠃      ᠭᠤᠷᠪᠠ᠂ ᠭᠤᠶᠤᠴᠢᠯᠠᠨ ᠮᠡᠳᠡᠭᠦᠯᠬᠦ ᠴᠤᠪᠤᠷᠠᠯ      1. ᠬᠤᠴᠠᠨ ᠤ ᠨᠥᠬᠦᠪᠦᠷᠢ᠃ ᠨᠥᠬᠦᠪᠦᠷᠢ ᠣᠯᠭᠤᠬᠤ ᠨᠥᠬᠦᠴᠡᠯ ᠳᠤ ᠨᠡᠶᠢᠴᠡᠬᠦ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠬᠤᠰᠢᠭᠤ ᠰᠢᠶᠠᠨ ᠤ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠪᠢᠴᠢᠭ  ᠤᠨ ᠭᠤᠶᠤᠴᠢᠯᠠᠯ ᠢᠶᠠᠨ ᠲᠤᠰᠢᠶᠠᠨ᠎ᠠ︔ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠵᠢᠯᠲᠠᠨ ᠢᠶᠠᠨ ᠵᠣᠬᠢᠶᠠᠨ ᠪᠠᠶᠢᠭᠤᠯᠵᠤ᠂ ᠲᠤᠬᠠᠢ ᠶᠢᠨ ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠨᠥᠬᠦᠪᠦᠷᠢ ᠭᠤᠶᠤᠴᠢᠯᠠᠨ ᠮᠡᠳᠡᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢᠨ ᠦᠷᠡᠵᠢᠵᠦ ᠳᠡᠶᠢᠯᠬᠦ ᠡᠮ᠎ᠡ ᠬᠤᠨᠢᠨ ᠤ ᠲᠤᠭ᠎ᠠ᠂ ᠬᠤᠳᠠᠯᠳᠤᠨ ᠠᠪᠤᠭᠰᠠᠨ ᠬᠤᠴᠠ ᠶᠢ ᠬᠠᠷᠭᠤᠭᠤᠯᠤᠨ ᠪᠠᠶᠢᠴᠠᠭᠠᠵᠤ᠂ ᠳᠡᠩᠰᠡᠯᠡᠨ ᠲᠡᠮᠳᠡᠭᠯᠡᠨ᠎ᠡ︔ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠰᠤᠮᠤ ᠰᠢᠶᠠᠩ ᠪᠠᠯᠭᠠᠰᠤ ᠶᠢ ᠵᠣᠬᠢᠶᠠᠨ ᠪᠠᠶᠢᠭᠤᠯᠤᠨ ᠨᠥᠬᠦᠪᠦᠷᠢ ᠬᠦᠷᠲᠡᠵᠦ ᠪᠠᠶᠢᠭ᠎ᠠ ᠲᠡᠵᠢᠭᠡᠨ ᠦᠷᠡᠵᠢᠭᠦᠯᠬᠦ ᠲᠠᠯᠠᠪᠠᠢ ᠡᠷᠥᠭᠡ ᠶᠢ ᠵᠠᠷᠯᠠᠨ ᠨᠡᠶᠢᠲᠡᠯᠡᠨ᠎ᠡ᠃      2. ᠠᠯᠠᠰᠢᠨ ᠦᠬᠡᠷ ᠤᠨ ᠰᠠᠶᠢᠨ ᠡᠭᠦᠯᠳᠡᠷ ᠤᠨ ᠢᠴᠡᠭᠡᠯ ᠦᠷ᠎ᠡ ᠶᠢᠨ ᠨᠥᠬᠦᠪᠦᠷᠢ᠃ ᠨᠥᠬᠦᠪᠦᠷᠢ ᠣᠯᠭᠤᠬᠤ ᠨᠥᠬᠦᠴᠡᠯ ᠳᠤ ᠨᠡᠶᠢᠴᠡᠬᠦ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠬᠤᠰᠢᠭᠤ ᠰᠢᠶᠠᠨ ᠤ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ ᠪᠢᠴᠢᠭ ᠤᠨ ᠭᠤᠶᠤᠴᠢᠯᠠᠯ ᠢᠶᠠᠨ ᠲᠤᠰᠢᠶᠠᠨ᠎ᠠ︔ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠨᠢ ︽ᠦᠷᠡᠵᠢᠬᠦ ᠡᠬᠡ ᠮᠠᠯ ᠢ ᠦᠵᠡᠬᠦ᠂ ᠢᠴᠡᠭᠡᠯ ᠦᠷ᠎ᠡ ᠶᠢᠨ ᠨᠠᠷᠢᠨ ᠭᠤᠤᠷᠰᠤ ᠶᠢ ᠦᠵᠡᠬᠦ᠂ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢ ᠦᠵᠡᠬᠦ᠂ ᠲᠡᠵᠢᠭᠡᠨ ᠦᠷᠡᠵᠢᠭᠦᠯᠦᠭᠰᠡᠨ ᠲᠠᠩᠰᠠ ᠡᠪᠬᠡᠮᠡᠯ ᠢ ᠦᠵᠡᠬᠦ︾ ᠶᠣᠰᠣᠭᠠᠷ ᠬᠢᠨᠠᠨ ᠪᠠᠶᠢᠴᠠᠭᠠᠨ᠎ᠠ᠃ ᠠᠶᠢᠮᠠᠭ ᠬᠤᠳᠠ᠂ ᠬᠤᠰᠢᠭᠤ ᠰᠢᠶᠠᠨ ᠪᠣᠳᠠᠲᠤ ᠪᠠᠶᠢᠳᠠᠯ ᠢᠶᠠᠨ ᠦᠨᠳᠦᠰᠦᠯᠡᠨ ᠢᠴᠡᠭᠡᠯ ᠦᠷ᠎ᠡ ᠶᠢ ᠨᠢᠭᠡᠳᠦᠯᠲᠡᠢ ᠬᠤᠳᠠᠯᠳᠤᠨ ᠠᠪᠴᠤ ᠲᠠᠷᠬᠠᠭᠠᠵᠤ ᠪᠣᠯᠬᠤ ᠪᠤᠶᠤ ᠵᠠᠰᠠᠭ  ᠤᠨ ᠣᠷᠳᠣᠨ ᠳᠠᠮᠵᠢᠨ ᠬᠤᠳᠠᠯᠳᠤᠨ ᠠᠪᠤᠭᠰᠠᠨ ᠨᠡᠶᠢᠭᠡᠮᠴᠢᠯᠡᠭᠰᠡᠨ ᠦᠢᠯᠡᠴᠢᠯᠡᠭᠡ ᠪᠠᠷ ᠬᠡᠷᠡᠭᠵᠢᠭᠦᠯᠦᠨ᠎ᠡ᠃      ᠳᠥᠷᠪᠡ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ      ᠬᠤᠴᠠᠨ ᠤ ᠨᠥᠬᠦᠪᠦᠷᠢ᠄ ᠬᠤᠴᠠᠨ ᠤ ᠬᠡᠷᠡᠯ ᠵᠢᠷᠤᠭ᠂ ᠤᠳᠤᠮ ᠤᠨ ᠴᠠᠳᠢᠭ ᠤᠨ ᠲᠠᠩᠰᠠ ᠡᠪᠬᠡᠮᠡᠯ︔ ᠦᠷ᠎ᠡ ᠬᠠᠩᠭᠠᠬᠤ ᠨᠢᠭᠡᠴᠡ ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ︔ ᠬᠤᠳᠠᠯᠳᠤᠨ ᠠᠪᠬᠤ ᠭᠡᠷ᠂ ᠪᠠᠷᠢᠮᠲᠠ ᠪᠤᠶᠤ ᠵᠣᠭᠤᠰ ᠦᠭᠭᠦᠭᠰᠡᠨ ᠭᠡᠷᠡᠴᠢ ᠪᠠᠷᠢᠮᠲᠠ ᠵᠡᠷᠭᠡ ᠬᠤᠳᠠᠯᠳᠤᠨ ᠠᠪᠬᠤ ᠭᠡᠷᠡᠴᠢ ᠮᠠᠲ᠋ᠧᠷᠢᠶᠠᠯ︔ ᠬᠤᠳᠠᠯᠳᠤᠨ ᠠᠪᠤᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ᠃      ᠠᠯᠠᠰᠢᠨ ᠦᠬᠡᠷ ᠤᠨ ᠰᠠᠶᠢᠨ ᠡᠭᠦᠯᠳᠡᠷ ᠤᠨ ᠢᠴᠡᠭᠡᠯ ᠦᠷ᠎ᠡ ᠶᠢᠨ ᠨᠥᠬᠦᠪᠦᠷᠢ᠄ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠭᠤᠶᠤᠴᠢᠯᠠᠨ ᠮᠡᠳᠡᠭᠦᠯᠬᠦ ᠳᠤ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠡᠵᠢᠭᠡᠵᠦ ᠪᠠᠶᠢᠭ᠎ᠠ ᠮᠡᠳᠡᠭᠡ ᠵᠠᠩᠭᠢ᠂ ᠤᠳᠤᠮ ᠤᠨ ᠴᠠᠳᠢᠭ ᠤᠨ ᠮᠡᠳᠡᠭᠡ ᠵᠠᠩᠭᠢ᠂ ᠳᠡᠩᠰᠡᠯᠡᠨ ᠳᠡᠪᠲᠡᠷᠯᠡᠭᠰᠡᠨ᠂ ᠳᠡᠩᠰᠡᠯᠡᠨ ᠺᠠᠷᠲᠯᠠᠭᠰᠠᠨ ᠪᠠᠶᠢᠳᠠᠯ ᠢ ᠬᠠᠩᠭᠠᠵᠤ᠂ ᠢᠴᠡᠭᠡᠯ ᠦᠷ᠎ᠡ ᠬᠤᠳᠠᠯᠳᠤᠨ ᠠᠪᠤᠭᠰᠠᠨ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠢ᠃ ᠠᠶᠢᠮᠠᠭ ᠬᠤᠳᠠ᠂ ᠬᠤᠰᠢᠭᠤ ᠰᠢᠶᠠᠨ ᠨᠢᠭᠡᠳᠦᠯᠲᠡᠢ ᠬᠤᠳᠠᠯᠳᠤᠨ ᠠᠪᠬᠤ  ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ᠂ ᠬᠤᠳᠠᠯᠳᠤᠨ ᠠᠪᠬᠤ ᠨᠠᠷᠢᠨ ᠵᠦᠢᠯᠡᠰ᠂ ᠲᠠᠷᠬᠠᠭᠠᠬᠤ ᠨᠠᠷᠢᠨ ᠵᠦᠢᠯᠡᠰ ︵ᠭᠥᠯᠢᠶᠡᠨ ᠠᠪᠤᠭᠴᠢ ᠭᠠᠷ ᠤᠨ ᠥᠰᠥᠭ ᠵᠢᠷᠤᠬᠤ ᠴᠢᠬᠤᠯᠠᠲᠠᠢ︶᠂ ᠲᠠᠷᠬᠠᠭᠠᠬᠤ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠡᠵᠢᠭᠡᠵᠦ ᠪᠠᠶᠢᠭ᠎ᠠ ᠮᠡᠳᠡᠭᠡ ᠵᠠᠩᠭᠢ᠂ ᠲᠡᠵᠢᠭᠡᠨ ᠦᠷᠡᠵᠢᠭᠦᠯᠦᠭᠰᠡᠨ ᠲᠠᠩᠰᠠ ᠡᠪᠬᠡᠮᠡᠯ ᠢ ᠬᠠᠩᠭᠠᠬᠤ ᠬᠡᠷᠡᠭᠲᠡᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号