ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠰᠤᠨ ᠲᠤᠲᠤᠷᠭ᠎ᠠ ᠵᠢᠱᠢᠯᠲᠡ ᠪᠠᠷ ᠵᠢᠯ ᠤᠨ ᠶᠡᠷᠦᠩᠬᠡᠢ ᠤᠨᠠᠯᠲᠠ 2.4 ᠳ᠋ᠦᠩᠰᠢᠭᠤᠷ ᠵᠢᠩ ᠢ ᠳᠠᠪᠠᠭ᠋ᠤ ᠪᠣᠯᠣᠨ᠎ᠠ
ᠨᠡᠶᠢᠲᠡᠯᠡᠭᠰᠡᠨ ᠴᠠᠭ᠄
2024/11/8
185.png
       2024 ᠣᠨ ᠳᠤ᠂ ᠲᠦᠩᠯᠢᠶᠣᠣ ᠬᠤᠲᠠ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠡᠷᠭᠡᠵᠢᠯ ᠤᠨ ᠵᠢᠯᠣᠭᠤᠳᠤᠯᠭ᠎ᠠ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠬᠠᠩᠭᠠᠬᠤ ᠪᠠᠷ ᠲᠠᠮᠵᠢᠨ 2 ᠲᠦᠮᠡᠨ ᠮᠦ ᠪᠣᠬᠢᠷᠳᠤᠯ ᠦᠭᠡᠢ ᠤᠰᠤᠨ ᠲᠤᠲᠤᠷᠭ᠎ᠠ ᠶᠢ ᠭᠡᠰᠡᠭᠷᠡᠭᠦᠯᠥᠨ ᠳᠠᠷᠢᠬᠤ ᠰᠠᠭᠤᠷᠢᠨ ᠪᠠ 1000 ᠮᠦ ᠣᠷᠭᠠᠨᠢᠭ ᠤᠰᠤᠨ ᠲᠤᠲᠤᠷᠭ᠎ᠠ ᠳᠠᠷᠢᠬᠤ ᠰᠠᠭᠤᠷᠢᠨ ᠢ ᠪᠠᠶᠢᠭᠤᠯᠪᠠ᠃                  ᠣᠶᠢᠯᠠᠭᠠᠭᠰᠠᠨ ᠢᠶᠠᠷ᠂ ᠡᠨᠡ ᠵᠢᠯ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠰᠤᠨ ᠲᠤᠲᠤᠷᠭ᠎ᠠ ᠳᠠᠷᠢᠭᠰᠠᠨ ᠲᠠᠯᠠᠪᠠᠶ 22 ᠲᠦᠮᠡᠨ ᠮᠦ ᠳᠤ ᠬᠦᠷᠴᠦ᠂ ᠵᠢᠱᠢᠯᠲᠡ ᠪᠠᠷ ᠵᠢᠯ ᠤᠨ ᠶᠡᠷᠦᠩᠬᠡᠢ ᠤᠨᠠᠯᠲᠠ 2.4 ᠳ᠋ᠦᠩᠰᠢᠭᠤᠷ ᠵᠢᠩ ᠢ ᠳᠠᠪᠠᠭ᠋ᠤ ᠪᠣᠯᠣᠨ᠎ᠠ᠃ ᠵᠢᠷᠤᠭ ᠪᠣᠯ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠶᠢᠨ ᠪᠦᠦ ᠲᠦᠨ ᠪᠠᠯᠭᠠᠰᠤᠨ ᠤ ᠲᠣᠬᠤᠢ ᠭᠠᠴᠠᠭ᠎ᠠ ᠶᠢᠨ ᠣᠷᠭᠠᠨᠢᠭ ᠲᠤᠲᠤᠷᠭ᠎ᠠ ᠶᠢᠨ ᠲᠠᠷᠢᠮᠠᠯ ᠤᠨ ᠵᠢᠱᠢᠶ᠎ᠡ ᠦᠵᠡᠭᠦᠯᠭᠦ ᠰᠠᠭᠤᠷᠢᠨ ᠳᠤ ᠲᠤᠲᠤᠷᠭ᠎ᠠ ᠬᠠᠳᠤᠵᠤ ᠪᠠᠶᠢᠭ᠎ᠠ ᠨᠢ᠃      ᠲᠤᠰ ᠰᠣᠨᠢᠨ ᠤ ᠰᠤᠷᠪᠤᠯᠵᠢᠯᠠᠬᠴᠢ ᠪᠦᠦ ᠴᠢᠩ ᠱᠧᠩ ᠰᠡᠭᠦᠳᠡᠷᠯᠡᠪᠡ
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号