ᠪᠠᠶᠠᠨᠨᠠᠭᠤᠷ ᠬᠤᠲᠠ ᠶᠢᠨ ᠬᠢᠨ ᠲᠤᠬᠠᠢ ᠶᠢᠨ ᠭᠠᠵᠠᠷ ᠠᠴᠠ ᠪᠠᠨ ᠮᠠᠲ᠋ᠧᠷᠢᠶᠠᠯ ᠠᠪᠴᠤ᠂ ᠪᠤᠭᠤᠳᠠᠢ ᠶᠢᠨ | ᠰᠦᠷᠡᠯ ᠢᠶᠠᠷ ᠡᠯᠡᠰᠦ ᠶᠢ ᠳᠠᠷᠤᠵᠤ ᠥᠪᠡᠷ ᠤᠨ ᠦᠷᠳᠡᠭ ᠢᠶᠠᠨ ᠠᠷᠪᠢᠯᠠᠨ ᠦᠷ᠎ᠡ ᠠᠰᠢᠭ ᠢ ᠨᠢ ᠨᠡᠮᠡᠭᠳᠡᠭᠦᠯᠬᠦ ᠰᠢᠨ᠎ᠡ | ᠬᠡᠪ ᠵᠠᠭᠪᠤᠷ ᠢ ᠰᠦᠪᠡᠭᠴᠢᠯᠡᠨ ᠭᠠᠷᠭᠠᠪᠠ᠃ ︽ᠥᠪᠥᠷ ᠮᠣᠩᠭᠤᠯ ᠮᠠᠲ᠋ᠧᠷᠢᠶᠠᠯ ᠢᠶᠠᠨ ᠥᠪᠥᠷ ᠮᠣᠩᠭᠤᠯ ᠳᠤ ᠪᠠᠨ | ᠬᠡᠷᠡᠭᠯᠡᠬᠦ︾ ᠠᠵᠢᠯ ᠤᠨ ᠰᠡᠳᠬᠢᠮᠵᠢ ᠶᠣᠰᠣᠭᠠᠷ᠂ ᠠᠳᠠᠯᠢ ᠪᠤᠰᠤ ᠭᠠᠵᠠᠷ ᠣᠷᠣᠨ ᠤ ᠨᠥᠬᠦᠴᠡᠯ ᠳᠠᠬᠢ ᠡᠯᠡᠰᠦᠨ | ᠬᠠᠯᠬᠠᠪᠴᠢ ᠶᠢᠨ ᠥᠪᠡᠷ ᠤᠨ ᠥᠷᠲᠡᠭ᠂ ᠡᠯᠡᠰᠦ ᠶᠢ ᠲᠣᠭᠲᠠᠪᠤᠷᠢᠵᠢᠭᠤᠯᠤᠭᠰᠠᠨ ᠦᠷ᠎ᠡ ᠨᠥᠯᠥᠭᠡ᠂ ᠴᠢᠬᠢ ᠮᠣᠳᠣ ᠶᠢ | ᠪᠣᠶᠢᠵᠢᠭᠤᠯᠤᠨ ᠤᠷᠭᠤᠭᠤᠯᠬᠤ ᠵᠡᠷᠭᠡ ᠬᠦᠴᠦᠨ ᠵᠦᠢᠯ ᠢ ᠶᠡᠷᠦᠩᠬᠡᠶᠢᠯᠡᠨ ᠬᠠᠷᠢᠴᠠᠭᠤᠯᠵᠤ᠂ ᠲᠤᠲᠤᠷᠭ᠎ᠠ ᠶᠢᠨ | ᠰᠦᠷᠡᠯ ᠤᠨ ᠣᠨᠴᠠᠯᠢᠭ ᠲᠠᠢ ᠠᠳᠠᠯᠢᠪᠲᠤᠷ ᠪᠠᠶᠢᠬᠤ ᠲᠤᠰ ᠭᠠᠵᠠᠷ ᠤᠨ ᠪᠤᠭᠤᠳᠠᠢ ᠶᠢᠨ ᠰᠦᠷᠡᠯ ᠢ ᠰᠣᠩᠭᠤᠨ | ᠬᠡᠷᠡᠭᠯᠡᠵᠦ ᠳᠦᠷᠪᠡᠯᠵᠢᠭᠡᠰᠦ ᠬᠡᠯᠪᠡᠷᠢ ᠪᠦᠬᠦᠢ ᠡᠪᠡᠰᠦ ᠪᠠᠷ ᠬᠦᠷᠢᠶᠡᠯᠡᠭᠰᠡᠨ ᠡᠯᠡᠰᠦ ᠶᠢ ᠳᠠᠷᠤᠬᠤ ᠲᠤᠷᠰᠢᠯᠲᠠ ᠶᠢ | ᠥᠷᠨᠢᠭᠦᠯᠪᠡ᠃ ᠲᠤᠷᠰᠢᠯᠲᠠ ᠬᠢᠭᠰᠡᠨ ᠠᠴᠠ ᠦᠵᠡᠪᠡᠯ᠂ ᠪᠤᠭᠤᠳᠠᠢ ᠶᠢᠨ ᠰᠦᠷᠡᠯ ᠢ ᠲᠤᠲᠤᠷᠭ᠎ᠠ ᠶᠢᠨ ᠰᠦᠷᠡᠯ ᠯᠦᠭᠡ | ᠬᠠᠷᠢᠴᠠᠭᠤᠯᠪᠠᠯ ᠮᠦ ᠪᠦᠷᠢ ᠳᠤ 105 ᠲᠥᠭᠦᠷᠢᠭ ᠤᠨ ᠥᠪᠡᠷ ᠤᠨ ᠦᠷᠳᠡᠭ ᠢ ᠪᠠᠭᠠᠰᠬᠠᠵᠤ ᠳᠡᠶᠢᠯᠦᠨ᠎ᠡ᠃ | ᠪᠤᠭᠤᠳᠠᠢ ᠶᠢᠨ ᠰᠦᠷᠡᠯ ᠢᠶᠠᠷ ᠡᠯᠡᠰᠦ ᠶᠢ ᠳᠠᠷᠤᠬᠤ ᠲᠤᠷᠰᠢᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠪᠣᠯᠣᠮᠵᠢᠲᠤ | ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠤᠷᠠᠳ ᠤᠨ ᠬᠤᠶᠢᠲᠤ ᠬᠤᠰᠢᠭᠤᠨ ᠳᠤ | ᠥᠮᠴᠢᠯᠡᠭᠳᠡᠬᠦ ᠤᠯᠤᠰ ᠤᠨ ᠦᠮᠴᠢᠯᠡᠯ ᠤᠨ ᠠᠵᠤ ᠠᠬᠤᠶᠢᠯᠠᠯ ᠨᠢ ᠲᠠᠷᠢᠶᠠᠴᠢᠨ ᠡᠷᠦᠬᠡ ᠨᠦᠭᠦᠳ ᠯᠦᠭᠡ 5000 ᠮᠦ | ᠪᠤᠭᠤᠳᠠᠢ ᠶᠢᠨ ᠰᠦᠷᠡᠯ ᠤᠨ ᠵᠠᠬᠢᠶᠠᠯᠠᠭ᠎ᠠ ᠲᠣᠭᠲᠠᠵᠤ᠂ 800 ᠲᠣᠨ ᠪᠤᠭᠤᠳᠠᠢ ᠶᠢᠨ ᠰᠦᠷᠡᠯ ᠬᠤᠳᠠᠯᠳᠤᠨ ᠠᠪᠴᠤ᠂ | ᠪᠦᠬᠦᠨ ᠢ ᠰᠢ ᠪᠦ᠋ ᠯᠦᠩ ᠣᠶ ᠰᠢᠭᠤᠢ ᠶᠢᠨ ᠲᠠᠯᠠᠪᠠᠶ ᠶᠢᠨ ᠢᠨᠵᠧᠨᠧᠷᠢᠩ ᠤᠨ ᠡᠯᠡᠰᠦ ᠳᠠᠷᠤᠬᠤ ᠳᠤ ᠬᠡᠷᠡᠭᠯᠡᠪᠡ᠃ | ᠵᠠᠬᠢᠶᠠᠯᠠᠭ᠎ᠠ ᠲᠣᠭᠲᠠᠬᠤ ᠮᠠᠶ᠋ᠢᠭ ᠢᠶᠠᠷ ᠪᠤᠭᠤᠳᠠᠢ ᠶᠢᠨ ᠰᠦᠷᠡᠯ ᠢ ᠬᠤᠳᠠᠯᠳᠤᠨ ᠠᠪᠬᠤ ᠪᠠᠷ ᠳᠠᠮᠵᠢᠭᠤᠯᠤᠨ᠂ | ᠲᠠᠷᠢᠶᠠᠴᠢᠳ ᠤᠨ ᠪᠤᠭᠤᠳᠠᠢ ᠶᠢᠨ ᠲᠠᠷᠢᠮᠠᠯ ᠤᠨ ᠣᠷᠣᠯᠭ᠎ᠠ ᠶᠢ 4 ᠲᠠᠯ᠎ᠠ ᠶᠢᠨ ᠣᠷᠣᠯᠭ᠎ᠠ ᠪᠣᠯᠭᠠᠨ ᠨᠡᠮᠡᠭᠳᠡᠭᠦᠯᠪᠡ᠂ | ᠲᠤᠬᠠᠶᠢᠯᠠᠪᠠᠯ ᠠᠮᠤ ᠪᠤᠳᠠᠭᠠᠨ ᠤ ᠨᠥᠬᠦᠪᠦᠷᠢ ᠶᠢᠨ ᠣᠷᠣᠯᠭ᠎ᠠ + ᠪᠤᠭᠤᠳᠠᠢ ᠪᠣᠷᠣᠯᠠᠭᠤᠯᠤᠭᠰᠠᠨ ᠤᠷᠤᠯᠭ᠎ᠠ + | ᠪᠤᠭᠤᠳᠠᠢ ᠬᠤᠷᠢᠶᠠᠭᠰᠠᠨ ᠤ ᠳᠠᠷᠠᠭᠠᠬᠢ ᠳᠠᠬᠢᠵᠤ ᠳᠠᠷᠢᠭᠰᠠᠨ ᠣᠷᠣᠯᠭ᠎ᠠ + ᠪᠤᠭᠤᠳᠠᠢ ᠶᠢᠨ ᠰᠦᠷᠡᠯ ᠤᠨ | ᠵᠠᠬᠢᠶᠠᠯᠠᠭ᠎ᠠ ᠶᠢᠨ ᠣᠷᠣᠯᠭ᠎ᠠ ᠪᠠᠭᠲᠠᠵᠤ ᠪᠤᠢ᠂ ᠵᠢᠱᠢᠯᠲᠡ ᠪᠠᠷ ᠡᠨᠡ ᠵᠢᠯ ᠤᠨ ᠵᠠᠬ᠎ᠠ ᠳᠡᠯᠭᠡᠭᠦᠷ ᠤᠨ ᠦᠨ᠎ᠡ ᠪᠠᠷ | ᠲᠠᠷᠢᠶᠠᠴᠢᠳ ᠤᠨ ᠪᠤᠭᠤᠳᠠᠢ ᠳᠠᠷᠢᠭᠰᠠᠨ ᠤᠷᠤᠯᠭ᠎ᠠ ᠶᠢ ᠮᠦ ᠪᠦᠷᠢ ᠳᠤ 150 ᠲᠥᠭᠦᠷᠢᠭ ᠨᠡᠮᠡᠭᠳᠡᠭᠦᠯᠬᠦ ᠪᠣᠯᠣᠨ᠎ᠠ᠃ | ︵ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ︶ |