ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠭᠤᠸᠠᠩᠵᠧᠦ ᠳᠤ ᠶᠠᠪᠤᠭᠳᠠᠪᠠ
ᠨᠡᠶᠢᠲᠡᠯᠡᠭᠰᠡᠨ ᠴᠠᠭ᠄
2024/12/1
      11 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠤᠷᠢᠨ ᠨᠢᠭᠡᠳᠦᠭᠡᠷ ᠬᠤᠭᠤᠴᠠᠭᠠᠨ ᠤ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠢᠶᠠᠷ ᠠᠵᠠ ᠲᠣᠬᠢᠶᠠᠯ ᠪᠣᠯᠭᠠᠵᠤ᠂ ᠬᠤᠨᠢᠨ ᠬᠤᠲᠠ ᠭᠤᠸᠠᠩᠵᠧᠦ ᠳᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠬᠤᠷᠠᠯᠳᠤᠭᠤᠯᠪᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠬᠠᠢ ᠱᠠᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ 
1.jpg
       ᠲᠤᠰ ᠤᠳᠠᠭ᠎ᠠ ᠶᠢᠨ ᠠᠵᠢᠯᠯᠠᠭ᠎ᠠ ᠨᠢ ᠭᠤᠸᠠᠩᠳᠦ᠋ᠩ ᠮᠤᠵᠢ ᠶᠢᠨ ᠲᠠᠷᠢᠶᠠᠯᠠᠩ ᠬᠥᠳᠡᠭᠡ ᠲᠣᠰᠬᠤᠨ ᠤ ᠲᠢᠩᠬᠢᠮ᠂ ᠭᠤᠸᠠᠩᠳᠦ᠋ᠩ ᠮᠤᠵᠢ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠦᠴᠦᠲᠡᠢ ᠳᠡᠮᠵᠢᠯᠭᠡ ᠶᠢ ᠣᠯᠵᠤ᠂ ᠭᠤᠸᠠᠩᠵᠧᠦ ᠬᠤᠳᠠ ᠶᠢᠨ ᠢᠳᠡᠭᠡᠨ ᠤ ᠠᠵᠤ ᠠᠬᠤᠶᠢᠯᠠᠯ ᠤᠨ ᠨᠡᠶᠢᠭᠡᠮᠯᠢᠭ᠂ ᠭᠤᠸᠠᠩᠵᠧᠦ ᠬᠤᠳᠠ ᠶᠢᠨ ᠥᠪᠥᠷ ᠮᠣᠩᠭᠤᠯ ᠤᠨ ᠬᠤᠳᠠᠯᠳᠤᠭᠠᠨ ᠤ ᠡᠪᠯᠡᠯ᠂ ᠭᠤᠸᠠᠩᠵᠧᠦ ᠶᠢᠨ ᠮᠢᠶᠣᠣ ᠴᠢᠦᠢ ᠢᠳᠡᠭᠡᠨ ᠤ ᠬᠢᠵᠠᠭᠠᠷᠲᠤ ᠺᠣᠮᠫᠠᠨᠢ ᠵᠡᠷᠭᠡ 58 ᠭᠤᠣᠯᠳᠠᠯᠭ᠎ᠠ ᠲᠠᠢ ᠠᠵᠤ ᠠᠬᠤᠶᠢᠯᠠᠯ ᠪᠣᠯᠣᠨ ᠬᠤᠳᠠᠯᠳᠤᠭᠠᠨ ᠤ ᠨᠡᠶᠢᠭᠡᠮᠯᠢᠭ ᠢ ᠤᠷᠢᠨ ᠣᠷᠣᠯᠴᠠᠭᠤᠯᠵᠤ᠂ ᠥᠪᠥᠷ ᠮᠣᠩᠭᠤᠯ ᠭᠤᠸᠠᠩᠳᠦ᠋ᠩ ᠬᠤᠶᠠᠷ ᠭᠠᠵᠠᠷ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠪᠣᠷᠣᠯᠠᠭᠤᠯᠬᠤ ᠵᠡᠷᠭᠡ ᠬᠦᠷᠢᠶ᠎ᠡ ᠴᠠᠷᠠᠭᠠᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠵᠤ᠂ ᠬᠤᠶᠠᠷ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠬᠤ ᠪᠠ ᠬᠠᠮᠵᠢᠯᠴᠠᠨ ᠬᠥᠭᠵᠢᠬᠦ ᠶᠢ ᠠᠬᠢᠭᠤᠯᠬᠤ ᠪᠠᠷ ᠵᠣᠷᠢᠯᠲᠠ ᠪᠠᠨ ᠪᠣᠯᠭᠠᠵᠠᠢ᠃ 
2.jpg
 
3.jpg
       ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠭᠠᠵᠠᠷ᠂ ᠰᠦ ᠶᠢᠨ ᠦᠢᠯᠡᠰ ᠤᠨ ᠭᠠᠵᠠᠷ᠂ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ᠂ ᠪᠤᠭᠤᠲᠤ ᠬᠤᠲᠠ ᠶᠢᠨ ᠭᠦᠶᠠᠩ ᠰᠢᠶᠠᠨ᠂ ᠬᠥᠯᠥᠨ ᠪᠤᠶᠢᠷ ᠬᠤᠲᠠ ᠲᠣᠰ ᠲᠣᠰ ᠡᠷᠳᠡᠨᠢ ᠰᠢᠰᠢ᠂ ᠲᠥᠮᠥᠰᠥ᠂ ᠰᠢᠷ᠎ᠠ ᠪᠤᠷᠴᠠᠭ᠂ ᠰᠦ ᠶᠢᠨ ᠦᠢᠯᠡᠰ᠂ ᠠᠯᠠᠰᠢᠨ ᠦᠬᠡᠷ᠂ ᠠᠯᠠᠰᠢᠨ ᠬᠤᠨᠢ᠂ ᠭᠠᠶᠢᠮᠤ ᠶᠢᠨ ᠲᠣᠰᠣ ᠵᠡᠷᠭᠡ ᠠᠵᠤ ᠦᠢᠯᠡᠰ ᠤᠨ ᠲᠣᠭᠤᠷᠢᠨ ᠳᠤ ᠲᠤᠰᠬᠠᠢ ᠰᠡᠳᠦᠪᠲᠦ ᠲᠠᠨᠢᠯᠴᠠᠭᠤᠯᠭ᠎ᠠ ᠬᠢᠪᠡ᠃ ᠳ᠋ᠠᠨ ᠢᠦᠢ ᠪᠦᠯᠦᠭᠯᠡᠯ᠂ ᠭᠤᠸᠠᠩᠵᠧᠦ ᠶᠢᠨ ᠶᠠᠩ ᡁᠢ ᠳ᠋ᠣᠣ ᠪᠦᠯᠦᠭᠯᠡᠯ ᠵᠡᠷᠭᠡ ᠲᠣᠭᠤᠷᠢᠭ ᠤᠨ ᠭᠠᠳᠠᠨᠠᠬᠢ 8 ᠠᠵᠤ ᠠᠬᠤᠶᠢᠯᠠᠯ ᠲᠣᠰ ᠲᠣᠰ ᠪᠤᠭᠤᠲᠤ ᠬᠤᠲᠠ ᠶᠢᠨ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠠ ᠲᠤ ᠨᠠ ᠯᠠ ᠢᠳᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠥᠪᠥᠷ ᠮᠣᠩᠭᠤᠯ ᠤᠨ ᠲᠣᠭᠤᠷᠢᠭ ᠰᠢᠶᠠᠨ ᠤ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠯᠤᠭ᠎ᠠ ᠲᠤᠬᠠᠢ ᠶᠢᠨ ᠲᠠᠯᠠᠪᠤᠷ ᠲᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ 
4.jpg
 
5.png
       ᠭᠤᠸᠠᠩᠳᠦ᠋ᠩ ᠥᠪᠥᠷ ᠮᠣᠩᠭᠤᠯ ᠬᠤᠶᠠᠷ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠬᠠᠮᠲᠤᠷᠠᠯᠴᠠᠭ᠎ᠠ ᠪᠣᠯ ᠠᠯᠢ ᠡᠷᠲᠡ ᠠᠴᠠ ᠡᠬᠢᠯᠡᠭᠰᠡᠨ ᠶᠤᠮ᠂ ᠣᠶᠢᠷ᠎ᠠ ᠶᠢᠨ ᠵᠢᠯ ᠤᠳ ᠲᠤ᠂ ᠬᠤᠶᠠᠷ ᠭᠠᠵᠠᠷ ᠤᠨ ᠬᠢᠨ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠬᠠᠮᠲᠤᠷᠠᠨ ᠪᠦᠲᠦᠭᠡᠨ ᠪᠠᠶᠢᠭᠤᠯᠵᠤ᠂ ᠲᠦᠭᠦᠭᠡᠷᠦᠮᠵᠢᠲᠤ ᠲᠠᠷᠢᠶᠠᠯᠠᠩ ᠮᠠᠯ ᠠᠵᠤ ᠠᠬᠤᠢ᠂ ᠲᠥᠮᠥᠰᠥ ᠪᠠ ᠢᠳᠡᠰᠢᠨ ᠨᠣᠭᠤᠭ᠎ᠠ ᠳᠠᠷᠢᠬᠤ᠂ ᠪᠠᠷᠢᠮᠵᠢᠶᠠᠵᠢᠭᠤᠯᠤᠭᠰᠠᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠵᠡᠷᠭᠡ ᠬᠦᠷᠢᠶ᠎ᠡ ᠴᠠᠷᠠᠭᠠᠨ ᠳᠤ ᠭᠤᠣᠯᠳᠠᠯᠭ᠎ᠠ ᠲᠠᠢ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠣᠯᠣᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠶᠠᠷ ᠭᠠᠵᠠᠷ ᠤᠨ ᠬᠢᠨ ︽ᠭᠤᠸᠠᠩᠳᠦ᠋ᠩ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ︵2023︱ 2027︶︾  ᠢᠶᠠᠷ ᠭᠠᠷᠳᠠᠴᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠥᠪᠥᠷ ᠮᠣᠩᠭᠤᠯ ᠪᠣᠯᠣᠨ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠬᠤᠯᠪᠣᠯᠳᠤᠨ ᠨᠡᠪᠲᠡᠷᠡᠯᠴᠡᠬᠦ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠠᠬᠢᠭᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号