ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠢᠨ ᠮᠠᠨ ᠤ ᠣᠷᠣᠨ ᠤ ᠨᠠᠮᠤᠭ ᠤᠨ ᠬᠡᠢ ᠶᠢᠨ ᠠᠮᠢᠳᠤ ᠪᠣᠳᠠᠰ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/12/10
      12 ᠰᠠᠷ᠎ᠠ ᠶᠢᠨ 6 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠤᠷᠭᠠᠨ ᠤ  ᠬᠢᠨ ᠬᠤᠯᠪᠣᠭᠳᠠᠯ ᠪᠦᠬᠦᠢ ᠨᠢᠭᠡᠴᠡ ᠶᠢ ᠵᠣᠬᠢᠶᠠᠨ ᠪᠠᠶᠢᠭᠤᠯᠵᠤ ᠮᠠᠨ ᠤ ᠣᠷᠣᠨ ᠤ ᠲᠦᠩᠯᠢᠶᠣᠣ ᠬᠤᠲᠠ ᠶᠢᠨ ᠨᠠᠮᠤᠭ ᠤᠨ ᠬᠡᠢ ᠶᠢᠨ ᠠᠮᠢᠳᠤ ᠪᠣᠳᠠᠰ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠠᠵᠢᠯ ᠳᠤ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠡ᠃ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠮᠢ ᠠᠬᠤᠢ ᠶᠢᠨ ᠶᠡᠷᠦᠩᠬᠡᠢ ᠥᠷᠲᠡᠭᠡᠨ ᠤ ᠰᠤᠳᠤᠯᠤᠭᠴᠢ ᠳ᠋ᠦᠩ ᠪᠦᠦ ᠴᠧᠩ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠥᠩ ᠶᠠᠨ ᠵᠢᠴᠢ ᠳᠤᠮᠳᠠᠳᠤ ᠤᠯᠤᠰ ᠤᠨ ᠨᠠᠮᠤᠭ ᠤᠨ ᠬᠡᠢ ᠶᠢᠨ ᠨᠡᠶᠢᠭᠡᠮᠯᠢᠭ᠂ ᠯᠢᠦᠢ ᠴᠢ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠠᠨ ᠰᠢ ᠾᠧᠩ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ 
1.png
       ᠪᠠᠶᠢᠴᠠᠭᠠᠨ ᠰᠤᠳᠤᠯᠬᠤ ᠳᠤᠭᠤᠶᠢᠯᠠᠩ ᠤᠨ  ᠬᠢᠨ ᠡᠩ ᠲᠡᠷᠢᠭᠦᠨ ᠳᠤ ᠰᠢᠶᠠᠨ ᠳ᠋ᠠᠢ ᠮᠦ ᠶᠧ ︵ᠲᠦᠩᠯᠢᠶᠣᠣ︶ ᠤᠨ ᠬᠢᠵᠠᠭᠠᠷᠲᠤ ᠺᠣᠮᠫᠠᠨᠢ ᠶᠢᠨ ᠲᠣᠮᠣ ᠬᠡᠯᠪᠡᠷᠢ ᠶᠢᠨ ᠨᠠᠮᠤᠭ ᠤᠨ ᠬᠡᠢ ᠶᠢᠨ ᠢᠨᠵᠧᠨᠧᠷᠢᠩ ᠢ ᠲᠤᠬᠠᠢ ᠶᠢᠨ ᠭᠠᠵᠠᠷ  ᠲᠤᠨᠢ ᠰᠢᠨᠵᠢᠯᠡᠨ ᠪᠠᠶᠢᠴᠠᠭᠠᠵᠤ᠂ ᠡᠰᠢ ᠰᠦᠷᠡᠯ ᠪᠠ ᠮᠠᠯ ᠵᠢᠭᠦᠷᠲᠡᠨ ᠤ ᠢᠯᠭᠠᠳᠠᠰᠤᠨ ᠪᠣᠬᠢᠷᠲᠤᠯ ᠵᠡᠷᠭᠡ ᠠᠮᠢᠳᠤ ᠪᠣᠳᠠᠰ ᠤᠨ ᠴᠢᠨᠠᠷ ᠤᠨ ᠬᠠᠶᠠᠭᠳᠠᠮᠠᠯ ᠪᠣᠳᠠᠰ ᠤᠨ ᠠᠰᠢᠭᠯᠠᠯᠲᠠ ᠵᠢᠴᠢ ᠨᠠᠮᠤᠭ ᠤᠨ ᠬᠡᠢ ᠶᠢᠨ ᠢᠨᠵᠧᠨᠧᠷᠢᠩ ᠤᠨ ᠲᠥᠬᠦᠭᠡᠷᠦᠮᠵᠢ ᠶᠢᠨ ᠠᠰᠢᠭᠯᠠᠯᠲᠠ ᠶᠢᠨ ᠣᠳᠣᠬᠢ ᠪᠠᠶᠢᠳᠠᠯ ᠪᠠ ᠠᠶᠤᠯᠭᠦᠢ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ 
2.png
       ᠰᠢᠶᠠᠨ ᠳ᠋ᠠᠢ ᠮᠦ ᠶᠧ ︵ᠲᠦᠩᠯᠢᠶᠣᠣ︶ ᠤᠨ ᠬᠢᠵᠠᠭᠠᠷᠲᠤ ᠺᠣᠮᠫᠠᠨᠢ  ᠨᠢ ᠡᠬᠢ ᠪᠠᠶᠠᠯᠢᠭᠵᠢᠭᠤᠯᠤᠭᠰᠠᠨ ᠡᠷᠭᠢᠯᠳᠦᠭᠦᠯᠦᠨ ᠠᠰᠢᠭᠯᠠᠬᠤ ᠳᠤ ᠰᠠᠭᠤᠷᠢᠯᠠᠵᠤ᠂ ᠬᠠᠶᠠᠭᠳᠠᠮᠠᠯ ᠪᠣᠳᠠᠰ ᠢ ᠭᠠᠳᠠᠭᠰᠢᠯᠠᠭᠤᠯᠬᠤ ᠦᠭᠡᠢ ᠬᠠᠷᠠᠯᠲᠠ ᠪᠠᠷ ᠨᠢᠭᠡᠨ ︽ ᠲᠡᠵᠢᠭᠡᠯ ᠡᠪᠡᠰᠦ ᠲᠠᠷᠢᠬᠤ ︱ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ︱ ᠢᠯᠭᠠᠳᠠᠰᠤᠨ ᠪᠣᠬᠢᠷᠲᠤᠯ ᠢ ᠰᠢᠢᠳᠪᠦᠷᠢᠯᠡᠬᠦ ︱ ᠨᠠᠮᠤᠭ ᠤᠨ ᠬᠡᠢ ᠪᠠᠷ ᠴᠠᠬᠢᠯᠭᠠᠨ ᠭᠠᠷᠭᠠᠬᠤ ︱ ᠨᠠᠮᠤᠭ ᠤᠨ ᠪᠣᠷᠳᠣᠭᠤᠷ ᠢ ᠲᠠᠷᠢᠶᠠᠨ ᠳᠤ ᠣᠷᠣᠭᠤᠯᠬᠤ ︾ ᠪᠣᠬᠢᠷᠲᠤᠯ ᠦᠭᠡᠢ ᠤᠷᠴᠢᠯ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ ᠂ 2360 ᠪᠣᠰᠤᠭ᠎ᠠ ᠳᠥᠷᠪᠡᠯᠵᠢᠨ ᠮᠧᠲᠷ ︵ ᠳᠤᠭᠤᠶᠢᠯᠠᠩ ᠪᠦᠷᠢ ︶ ᠤᠨ ᠠᠰᠢᠭᠲᠤ ᠪᠠᠭᠲᠠᠭᠠᠮᠵᠢ ᠲᠠᠢ ᠨᠠᠢᠮᠠᠨ ᠳᠤᠭᠤᠶᠢᠯᠠᠩ ᠤᠨ ᠢᠰᠬᠡᠯᠲᠡ ᠶᠢᠨ ᠴᠦᠬᠦᠷᠦᠮ᠂ 500KW ᠶᠢᠨ ᠨᠠᠮᠤᠭ ᠤᠨ ᠬᠡᠢ ᠪᠠᠷ ᠴᠠᠬᠢᠯᠭᠠᠨ ᠭᠠᠷᠭᠠᠬᠤ 2 ᠮᠠᠰᠢᠨ ᠴᠣᠭᠴᠠᠯᠠᠪᠤᠷᠢ ᠪᠠ 2 ᠲᠣᠨ ᠨᠠᠮᠤᠭ ᠤᠨ ᠬᠡᠢ ᠶᠢᠨ 1 ᠭᠦᠸᠧᠯᠦ ᠵᠡᠷᠭᠡ ᠳᠠᠭᠠᠯᠲᠠ ᠲᠥᠬᠦᠭᠡᠷᠦᠮᠵᠢ ᠶᠢᠨ ᠨᠠᠮᠤᠭ ᠤᠨ ᠬᠡᠢ ᠶᠢ ᠡᠷᠭᠢᠯᠳᠦᠭᠦᠯᠦᠨ ᠠᠰᠢᠭᠯᠠᠬᠤ ᠢᠨᠵᠧᠨᠧᠷᠢᠩ ᠢ ᠪᠦᠲᠦᠭᠡᠨ ᠪᠠᠶᠢᠭᠤᠯᠤᠨ᠎ᠠ ᠃ ᠨᠠᠮᠤᠭ ᠤᠨ ᠬᠡᠢ ᠪᠠᠷ ᠴᠠᠬᠢᠯᠭᠠᠨ ᠭᠠᠷᠭᠠᠬᠤ ᠮᠡᠷᠭᠡᠵᠢᠯ ᠪᠠ ᠳᠡᠯᠡᠬᠡᠢ ᠶᠢᠨ ᠲᠡᠷᠢᠭᠦᠨ ᠤ USR ᠤᠷᠠᠯᠠᠯ ᠢ ᠬᠡᠷᠡᠭᠯᠡᠨ ᠂ ᠨᠠᠮᠤᠭ ᠤᠨ ᠪᠣᠷᠳᠣᠭᠤᠷ ᠨᠠᠮᠤᠭ ᠤᠨ ᠰᠢᠭᠠᠷᠤ ᠶᠢ ᠶᠡᠷᠦᠩᠬᠡᠶᠢᠯᠡᠨ ᠠᠰᠢᠭᠯᠠᠵᠤ ᠂ ᠢᠯᠭᠠᠳᠠᠰᠤᠨ ᠪᠣᠬᠢᠷᠲᠤᠯ ᠢ ᠶᠡᠷᠦᠩᠬᠡᠶᠢᠯᠡᠨ ᠠᠰᠢᠭᠯᠠᠬᠤ ᠪᠠ ᠪᠦᠲᠦᠮᠵᠢᠲᠡᠶ ᠠᠰᠢᠭᠯᠠᠬᠤ ᠶᠢ ᠪᠡᠶᠡᠯᠡᠭᠦᠯᠬᠦ ᠶᠢᠨ ᠬᠠᠮᠲᠤ ᠨᠠᠮᠤᠭ ᠤᠨ ᠬᠡᠢ ᠶᠢᠨ ᠮᠡᠷᠭᠡᠵᠢᠯ ᠢᠶᠠᠷ ᠬᠤᠯᠪᠣᠭᠠᠰᠤ ᠪᠣᠯᠭᠠᠵᠤ ᠂ ᠨᠠᠮᠤᠭ ᠤᠨ ᠬᠡᠢ ᠂ ᠲᠡᠵᠢᠭᠡᠨ ᠦᠷᠡᠵᠢᠭᠦᠯᠬᠦ ᠪᠠ ᠲᠠᠷᠢᠬᠤ ᠮᠡᠷᠭᠡᠵᠢᠯ ᠢ ᠰᠢᠯᠢᠳᠡᠭᠵᠢᠭᠦᠯᠦᠨ ᠵᠣᠬᠢᠶᠠᠨ ᠪᠠᠶᠢᠭᠤᠯᠵᠤ ᠂ ᠡᠨᠧᠷᠭᠢ ᠶᠢ ᠤᠯᠠᠨ ᠳᠡᠰ ᠢᠶᠠᠷ ᠠᠰᠢᠭᠯᠠᠬᠤ ᠂ ᠪᠣᠳᠠᠰ ᠢ ᠰᠠᠶᠢᠨ ᠡᠷᠭᠢᠯᠳᠦᠭᠦᠯᠬᠦ ᠶᠢ ᠪᠡᠶᠡᠯᠡᠭᠦᠯᠵᠦ ᠂ ᠪᠣᠬᠢᠷᠲᠤᠯ ᠦᠭᠡᠢ ᠪᠥᠭᠡᠳ ᠦᠷᠭᠦᠯᠵᠢᠯᠡᠬᠦᠶᠢᠴᠡ ᠬᠥᠭᠵᠢᠬᠦ ᠠᠮᠢ ᠠᠬᠤᠢ ᠶᠢᠨ ᠲᠠᠷᠢᠶᠠᠯᠠᠩ ᠤᠨ ᠰᠢᠰᠲ᠋ᠧᠮ ᠢ ᠪᠦᠷᠢᠯᠳᠦᠭᠦᠯᠦᠨ᠎ᠡ ᠃ 
3.png
       ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠤᠯᠤᠰ ᠤᠨ ᠡᠨᠧᠷᠭᠢ ᠶᠢᠨ ᠲᠦᠩᠯᠢᠶᠣᠣ ᠶᠢᠨ ᠠᠮᠢᠳᠤ ᠪᠣᠳᠠᠰ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠢᠨᠵᠧᠨᠧᠷᠢᠩ ᠢ ᠰᠢᠨᠵᠢᠯᠡᠨ ᠪᠠᠶᠢᠴᠠᠭᠠᠵᠤ᠂ ᠲᠤᠰ ᠢᠨᠵᠧᠨᠧᠷᠢᠩ ᠢ ᠤᠯᠤᠰ ᠤᠨ ᠡᠨᠧᠷᠭᠢ ᠶᠢᠨ ᠠᠮᠢᠳᠤ ᠪᠣᠳᠠᠰ ᠤᠨ ᠴᠠᠬᠢᠯᠭᠠᠨ ᠭᠠᠷᠭᠠᠬᠤ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ ᠂ ᠲᠣᠮᠣ ᠬᠡᠯᠪᠡᠷᠢ ᠶᠢᠨ ᠲᠠᠷᠢᠶᠠᠯᠠᠩ ᠤᠨ ᠣᠷᠭᠠᠨᠢᠭ ᠬᠠᠶᠠᠭᠳᠠᠮᠠᠯ ᠪᠣᠳᠠᠰ ᠤᠨ ᠨᠠᠮᠤᠭ ᠤᠨ ᠬᠡᠢ ᠶᠢᠨ ᠢᠨᠵᠧᠨᠧᠷᠢᠩ ᠂ ᠠᠮᠢᠳᠤ ᠪᠣᠳᠠᠰ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠴᠡᠪᠡᠷᠰᠢᠭᠦᠯᠬᠦ ᠢᠨᠵᠧᠨᠧᠷᠢᠩ ᠂ ᠲᠣᠮᠣ ᠬᠡᠯᠪᠡᠷᠢ ᠶᠢᠨ ᠠᠮᠢᠳᠤ ᠪᠣᠳᠠᠰ ᠤᠨ ᠣᠷᠭᠠᠨᠢᠭ ᠪᠣᠷᠳᠣᠭᠤᠷ ᠤᠨ ᠦᠢᠯᠡᠳᠪᠦᠷᠢᠯᠡᠯ ᠤᠨ ᠢᠨᠵᠧᠨᠧᠷᠢᠩ ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠢᠶᠠᠨ ᠴᠤᠭᠯᠠᠭᠤᠯᠵᠤ ᠠᠰᠢᠭᠯᠠᠬᠤ ᠢᠨᠵᠧᠨᠧᠷᠢᠩ ᠢ ᠨᠢᠭᠡ ᠴᠣᠭᠴᠠᠵᠢᠭᠤᠯᠤᠭᠰᠠᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠪᠠᠶᠢᠵᠤ ᠂ ᠪᠣᠬᠢᠷᠲᠤᠯ ᠦᠭᠡᠢ ᠂ ᠨᠡᠭᠦᠷᠡᠰᠦᠲᠥ᠋ᠷᠥᠭᠴᠢ ᠪᠠᠭ᠎ᠠ ᠂ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠣᠨᠴᠠᠯᠢᠭ ᠲᠠᠢ ᠶᠤᠮ ᠃ ᠢᠨᠵᠧᠨᠧᠷᠢᠩ  ᠨᠢ ᠪᠠᠷᠤᠭ 240 ᠮᠦ ᠭᠠᠵᠠᠷ ᠡᠵᠡᠯᠡᠵᠦ᠂ ᠵᠢᠯ ᠳᠤ ᠡᠷᠳᠡᠨᠢ ᠰᠢᠰᠢ ᠶᠢᠨ ᠡᠰᠢ ᠰᠦᠷᠡᠯ ᠵᠢᠴᠢ ᠮᠠᠯ ᠵᠢᠭᠦᠷᠲᠡᠨ ᠤ ᠢᠯᠭᠠᠳᠠᠰᠤᠨ ᠪᠣᠬᠢᠷᠲᠤᠯ ᠢ ᠪᠠᠷᠤᠭ 20 ᠲᠦᠮᠡᠨ ᠲᠣᠨ ᠰᠢᠢᠳᠪᠦᠷᠢᠯᠡᠵᠦ᠂ ᠲᠥᠯᠥᠪᠯᠡᠭᠰᠡᠨ ᠬᠡᠪᠴᠢᠶ᠎ᠡ ᠪᠠᠷ ᠡᠳᠦᠷ ᠲᠤ ᠪᠠᠷᠤᠭ 60000 ᠳᠥᠷᠪᠡᠯᠵᠢᠨ ᠮᠧᠲᠷ ᠤᠨ ᠨᠠᠮᠤᠭ ᠤᠨ ᠬᠡᠢ ᠶᠢ ᠴᠡᠪᠡᠷᠰᠢᠭᠦᠯᠬᠦ ᠶᠢᠨ ᠬᠠᠮᠲᠤ ᠵᠢᠯ ᠳᠤ ᠪᠠᠷᠤᠭ 5.5 ᠲᠦᠮᠡᠨ ᠲᠣᠨ ᠬᠠᠲᠠᠭᠤ ᠪᠡᠶᠡᠲᠦ ᠣᠷᠭᠠᠨᠢᠭ ᠪᠣᠷᠳᠣᠭᠤᠷ ᠪᠠ ᠪᠠᠷᠤᠭ 6600 ᠲᠣᠨ ᠰᠢᠩᠭᠡᠨ ᠪᠡᠶᠡᠲᠦ ᠣᠷᠭᠠᠨᠢᠭ ᠪᠣᠷᠳᠣᠭᠤᠷ ᠢ ᠲᠥᠬᠦᠷᠵᠢᠭᠦᠯᠦᠨ᠎ᠡ᠃ ᠢᠨᠵᠧᠨᠧᠷᠢᠩ ᠨᠢ ︽ᠡᠰᠢ ᠰᠦᠷᠡᠯ ᠤᠨ ᠰᠢᠷᠬᠡᠭᠯᠢᠭ ᠡᠳ᠋ ᠤᠨ ᠤᠰᠤ ᠶᠢ ᠵᠠᠳᠠᠷᠠᠭᠤᠯᠤᠨ ᠤᠷᠢᠳᠴᠢᠯᠠᠨ ᠰᠢᠢᠳᠪᠦᠷᠢᠯᠡᠬᠦ ᠵᠢᠴᠢ ᠢᠯᠭᠠᠳᠠᠰᠤᠨ ᠪᠣᠬᠢᠷᠲᠤᠯ ᠢ ᠤᠷᠢᠳᠴᠢᠯᠠᠨ ᠰᠢᠢᠳᠪᠦᠷᠢᠯᠡᠬᠦ + ᠬᠤᠶᠠᠷ ᠱᠠᠲᠤ ᠶᠢ ᠨᠢᠭᠡ ᠴᠣᠭᠴᠠᠵᠢᠭᠤᠯᠤᠭᠰᠠᠨ CSTR ᠬᠦᠴᠢᠯᠲᠥ᠋ᠷᠥᠭᠴᠢ ᠵᠢᠭᠰᠢᠬᠦ ᠢᠰᠬᠡᠯᠲᠡ + ᠠᠮᠢᠳᠤ ᠪᠣᠳᠠᠰ ᠤᠨ ᠬᠦᠬᠦᠷ ᠦᠭᠡᠶᠢᠳᠡᠭᠦᠯᠬᠦ + ᠨᠠᠮᠤᠭ ᠤᠨ ᠬᠡᠢ ᠶᠢ ᠴᠡᠪᠡᠷᠰᠢᠭᠦᠯᠦᠨ ᠠᠪᠴᠢᠭᠤᠯᠬᠤ︾ ᠪᠠᠷ ᠭᠤᠣᠯ ᠴᠣᠭᠴᠠ ᠶᠢᠨ ᠤᠷᠠᠯᠠᠯ ᠤᠨ ᠵᠠᠮ ᠱᠤᠭᠤᠮ ᠪᠣᠯᠭᠠᠵᠤ᠂ ᠦᠢᠯᠡᠳᠪᠦᠷᠢᠯᠡᠭᠰᠡᠨ ᠨᠠᠮᠤᠭ ᠤᠨ ᠬᠡᠢ ᠶᠢ ᠡᠷᠬᠢᠨ ᠲᠣᠭᠤᠷᠢᠨ ᠤ ᠠᠵᠤ ᠠᠬᠤᠶᠢᠯᠠᠯ ᠳᠤ ᠬᠠᠩᠭᠠᠨ ᠬᠡᠷᠡᠭᠯᠡᠭᠦᠯᠵᠦ᠂ ᠡᠰᠡᠬᠦᠯ᠎ᠡ ᠪᠠᠶᠢᠭᠠᠯᠢ ᠶᠢᠨ ᠰᠢᠲᠠᠮᠠᠬᠠᠢ ᠬᠡᠢ ᠶᠢ ᠴᠡᠪᠡᠷᠰᠢᠭᠦᠯᠬᠦ ᠶᠢᠨ ᠬᠠᠮᠲᠤ CNG ᠪᠣᠯᠭᠠᠨ ᠠᠪᠴᠢᠭᠤᠯᠵᠤ᠂ ᠬᠡᠢ ᠨᠡᠮᠡᠬᠦ ᠬᠤᠪᠢᠶᠠᠷᠢ ᠦᠷᠳᠡᠭᠡ ᠶᠢ ᠲᠥᠬᠦᠷᠵᠢᠭᠦᠯᠦᠭᠰᠡᠨ ᠤ ᠲᠠᠷᠠᠭ᠎ᠠ ᠭᠠᠳᠠᠭᠰᠢ ᠲᠡᠭᠡᠭᠡᠪᠦᠷᠢᠯᠡᠬᠦ ᠶᠢ ᠪᠡᠶᠡᠯᠡᠭᠦᠯᠵᠦ ᠪᠣᠯᠣᠨ᠎ᠠ᠂ ᠬᠠᠷᠢᠨ ᠣᠷᠭᠠᠨᠢᠭ ᠪᠣᠷᠳᠣᠭᠤᠷ ᠂ ᠨᠠᠮᠤᠭ ᠤᠨ ᠰᠢᠩᠭᠡᠨ ᠤ ᠪᠣᠷᠳᠣᠭᠤᠷ ᠢ ᠣᠷᠭᠠᠨᠢᠭ ᠲᠠᠷᠢᠶᠠᠯᠠᠩ ᠳᠤ ᠬᠡᠷᠡᠭᠯᠡᠵᠦ ᠂ ᠪᠦᠬᠦᠯᠢ ᠴᠣᠭᠴᠠ ᠶᠢᠨ ᠲᠦᠷᠦᠯ ᠵᠦᠢᠯ ᠨᠢ ᠨᠡᠭᠦᠷᠡᠰᠦᠲᠥ᠋ᠷᠥᠭᠴᠢ ᠪᠠᠭ᠎ᠠ ᠣᠷᠴᠢᠨ ᠲᠣᠭᠤᠷᠢᠨ ᠢ ᠬᠠᠮᠠᠭᠠᠯᠠᠵᠤ ᠂ ᠤᠯᠠᠨ ᠲᠠᠯ᠎ᠠ ᠪᠠᠷ ᠬᠠᠮᠵᠢᠯᠴᠠᠵᠤ ᠂ ᠡᠷᠬᠢᠨ ᠲᠣᠭᠤᠷᠢᠨ ᠤ ᠲᠠᠷᠢᠶᠠᠯᠠᠩ ᠤᠨ ᠲᠠᠷᠢᠮᠠᠯ ᠂ ᠮᠠᠯ ᠲᠡᠵᠢᠭᠡᠪᠦᠷᠢ ᠶᠢᠨ ᠦᠢᠯᠡᠰ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠲᠠᠶᠢᠴᠢᠯᠠᠵᠦ ᠪᠣᠯᠣᠨ᠎ᠠ ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ ᠂ ᠥᠪᠥᠷ ᠮᠣᠩᠭᠤᠯ ᠣᠨᠴᠠᠭᠠᠶᠢᠯᠠᠨ ᠲᠦᠩᠯᠢᠶᠣᠣ ᠬᠤᠳᠠ ᠶᠢᠨ ᠨᠠᠮᠤᠭ ᠤᠨ ᠬᠡᠢ ᠶᠢᠨ ᠠᠮᠢᠳᠤ ᠪᠣᠳᠠᠰ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠠᠵᠢᠯ  ᠨᠢ ᠲᠠᠷᠢᠶᠠᠯᠠᠩ ᠮᠠᠯ ᠠᠵᠤ ᠠᠬᠤᠢ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠭᠰᠠᠨ ᠡᠷᠭᠢᠯᠳᠦᠭᠦᠯᠦᠨ ᠠᠰᠢᠭᠯᠠᠬᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠬᠤ ᠬᠡᠷᠡᠭᠲᠡᠢ ︔ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠂ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠵᠤ ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ ︔ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠪᠣᠯᠪᠠᠰᠤᠷᠠᠯ ᠤᠨ ᠠᠵᠢᠯ ᠢ ᠴᠢᠩᠭᠠᠳᠬᠠᠵᠤ ᠂ ᠨᠠᠮᠤᠭ ᠤᠨ ᠬᠡᠢ ᠶᠢᠨ ᠠᠵᠢᠯ ᠡᠷᠬᠢᠯᠡᠭᠰᠡᠳ ᠤᠨ ᠠᠮᠤᠷ ᠲᠦᠪᠰᠢᠨ ᠢᠶᠠᠷ ᠬᠡᠷᠡᠭᠯᠡᠬᠦ ᠤᠬᠠᠮᠰᠠᠷ ᠢ ᠴᠢᠩᠭᠠᠳᠬᠠᠬᠤ ᠬᠡᠷᠡᠭᠲᠡᠢ ︔ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠪᠡ ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号