ᠨᠠᠷᠠᠨ ᠬᠤᠸᠠᠷ ᠤᠨ ᠰᠢᠨ᠎ᠡ ᠭᠡᠯᠪᠡᠷᠢ ᠶᠢᠨ ᠮᠣᠯᠧᠺᠦ᠋ᠯ ᠢᠶᠠᠷ ᠲᠡᠮᠳᠡᠭᠯᠡᠬᠦ ᠪᠦᠭᠦ ᠤᠯᠤᠰ ᠤᠨ ᠠᠩᠬᠠᠳᠠᠭᠴᠢ ᠠᠵᠢᠯ ᠲᠥᠷᠥᠯ ᠤᠨ ᠪᠠᠷᠢᠮᠵᠢᠶ᠎ᠠ ᠬᠢᠨᠠᠨ ᠪᠠᠶᠢᠴᠠᠭᠠᠯᠲᠠ ᠶᠢ ᠥᠩᠭᠡᠷᠡᠭᠡᠵᠡᠢ
ᠨᠡᠶᠢᠲᠡᠯᠡᠭᠰᠡᠨ ᠴᠠᠭ᠄
2024/12/10
      12 ᠰᠠᠷ᠎ᠠ ᠶᠢᠨ 4 ᠤ ᠡᠳᠦᠷ᠂ ᠰᠤᠷᠪᠤᠯᠵᠢᠯᠠᠬᠴᠢ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠬᠤ ᠭᠠᠵᠠᠷ ᠠᠴᠠ ᠣᠶᠢᠯᠠᠭᠠᠭᠰᠠᠨ ᠢᠶᠠᠷ᠂ ᠲᠤᠰ ᠬᠤᠲᠠ ᠶᠢᠨ ᠲᠣᠭᠲᠠᠭᠠᠭᠰᠠᠨ ᠪᠦᠭᠦ ᠤᠯᠤᠰ ᠤᠨ ᠠᠩᠬᠠᠳᠠᠭᠴᠢ ᠠᠵᠢᠯ ᠲᠥᠷᠥᠯ ᠤᠨ ᠪᠠᠷᠢᠮᠵᠢᠶ᠎ᠠ ᠪᠤᠯᠬᠤ ︽ᠨᠠᠷᠠᠨ ᠬᠤᠸᠠᠷ ᠤᠨ ᠡᠭᠦᠯᠳᠡᠷ ᠵᠢᠴᠢ ᠲᠡᠭᠦᠨ ᠤ ᠪᠣᠳᠠᠲᠤ ᠡᠭᠦᠰᠦᠮᠡᠯ ᠡᠭᠦᠯᠳᠡᠷ ᠤᠨ MNP ᠮᠣᠯᠧᠺᠦ᠋ᠯ ᠢ ᠲᠡᠮᠳᠡᠭᠯᠡᠬᠦ ᠠᠷᠭ᠎ᠠ︾ ᠬᠢᠨᠠᠨ ᠪᠠᠶᠢᠴᠠᠭᠠᠯᠲᠠ ᠶᠢ ᠤᠷᠤᠭᠰᠢᠲᠠᠢ ᠲᠤᠭᠤᠯᠵᠤ᠂ ᠨᠠᠷᠠᠨ ᠬᠤᠸᠠᠷ ᠤᠨ ᠳᠠᠭᠤᠷᠢᠶᠠᠮᠠᠯ ᠦᠷ᠎ᠡ ᠪᠣᠯᠣᠨ ᠬᠠᠭᠤᠷᠮᠠᠭ ᠦᠷ᠎ᠡ ᠶᠢ ᠲᠤᠭᠤᠰᠢᠲᠠᠢ ᠰᠡᠷᠭᠡᠶᠢᠯᠡᠬᠦ ᠪᠣᠯᠣᠮᠵᠢ ᠶᠢ ᠬᠠᠩᠭᠠᠵᠠᠢ᠃      ︽MNP ︵ᠣᠯᠠᠨ ᠪᠥᠭᠡᠮ ᠰᠢᠬᠢᠷ ᠤᠨ ᠬᠦᠴᠢᠯ ᠤᠨ ᠣᠯᠠᠨ ᠲᠥᠯᠥᠪᠲᠦ ᠴᠢᠨᠠᠷ︶ ᠤᠨ ᠮᠣᠯᠧᠺᠦ᠋ᠯ ᠢᠶᠠᠷ ᠲᠡᠮᠳᠡᠭᠯᠡᠬᠦ ᠠᠷᠭ᠎ᠠ ᠪᠣᠯ ᠰᠢᠨ᠎ᠡ ᠭᠡᠯᠪᠡᠷᠢ ᠶᠢᠨ ᠮᠣᠯᠧᠺᠦ᠋ᠯ ᠢᠶᠠᠷ ᠬᠢᠨᠠᠨ ᠲᠣᠭᠲᠠᠭᠠᠬᠤ ᠮᠡᠷᠭᠡᠵᠢᠯ ᠪᠣᠯᠣᠨ᠎ᠠ᠂ ᠲᠡᠮᠳᠡᠭᠯᠡᠨ ᠰᠢᠯᠭᠠᠬᠤ ᠣᠨᠣᠪᠴᠢ ᠶᠢᠨ ᠨᠣᠷᠮ᠎ᠠ ᠨᠢ 99.98% ᠠᠴᠠ ᠳᠡᠭᠡᠭᠰᠢ ᠳᠤ ᠬᠦᠷᠴᠦ᠂ ᠤᠷᠭᠤᠮᠠᠯ ᠤᠨ ᠡᠭᠦᠯᠳᠡᠷ ᠤᠨ ᠡᠷᠬᠡ ᠳᠤ ᠣᠨᠣᠪᠴᠢᠲᠠᠢ ᠡᠷᠬᠡ ᠣᠯᠭᠤᠬᠤ᠂ ᠬᠤᠳᠠᠯ ᠬᠠᠭᠤᠷᠮᠠᠭ ᠵᠦᠢᠯ ᠳᠤ ᠴᠣᠬᠢᠯᠲᠠ ᠥᠭᠬᠦ ᠪᠠ ᠡᠷᠬᠡ ᠪᠠᠨ ᠬᠠᠮᠠᠭᠠᠯᠠᠬᠤ ᠵᠢᠴᠢ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ﹀ ᠶᠢ ᠬᠡᠷᠡᠭᠵᠢᠭᠦᠯᠬᠦ ᠳᠤ ᠨᠠᠶᠢᠳᠠᠪᠤᠷᠢᠲᠠᠢ ᠪᠠᠷᠢᠮᠵᠢᠶ᠎ᠠ ᠠᠷᠭ᠎ᠠ ᠪᠠᠷᠢᠯ ᠢ ᠬᠠᠩᠭᠠᠵᠤ᠂ ᠦᠷ᠎ᠡ ᠶᠢᠨ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠵᠢᠷᠤᠮᠵᠢᠭᠤᠯᠬᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ᠂ ᠮᠠᠨ ᠤ ᠤᠯᠤᠰ ᠤᠨ ᠦᠷ᠎ᠡ ᠶᠢᠨ ᠦᠢᠯᠡᠰ ᠤᠨ ᠡᠭᠦᠯᠳᠡᠷ ᠪᠣᠶᠢᠵᠢᠭᠤᠯᠬᠤ ᠲᠦᠪᠰᠢᠨ ᠪᠣᠯᠣᠨ ᠣᠯᠠᠨ ᠤᠯᠤᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠳᠤ ᠠᠰᠢᠭᠲᠠᠢ︾ ᠭᠡᠵᠦ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠬᠤ ᠭᠠᠵᠠᠷ ᠤᠨ ᠰᠢᠨ᠎ᠡ ᠡᠭᠦᠯᠳᠡᠷ ᠢ ᠰᠢᠯᠭᠠᠬᠤ ᠲᠥᠪ ᠤᠨ ᠳᠡᠳ᠋ ᠡᠷᠭᠢᠯᠡᠭᠴᠢ ᠶᠠᠩ ᠴᠢᠨ ᠹᠠᠩ ᠲᠠᠨᠢᠯᠴᠠᠭᠤᠯᠪᠠ᠃      2021 ᠣᠨ ᠠᠴᠠ ᠡᠳᠦᠭᠡ ᠪᠤᠯᠲᠠᠯ᠎ᠠ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠳᠠᠭᠤᠷᠢᠶᠠᠮᠠᠯ ᠦᠷ᠎ᠡ ᠶᠢᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ᠵᠥᠪ ᠣᠨᠣᠪᠴᠢᠲᠠᠢ ᠥᠨᠳᠥᠷ ᠪᠦᠲᠦᠮᠵᠢᠲᠡᠢ ᠮᠣᠯᠧᠺᠦ᠋ᠯ ᠤᠨ ᠬᠢᠨᠠᠨ ᠲᠣᠭᠲᠠᠭᠠᠬᠤ ᠮᠡᠷᠭᠡᠵᠢᠯ ᠢ ᠠᠰᠢᠭᠯᠠᠨ᠂ ᠲᠠᠷᠢᠶᠠᠨ ᠭᠠᠵᠠᠷ ᠤᠨ ᠦᠯᠢᠭᠡᠷ ᠭᠡᠯᠪᠡᠷᠢ ᠶᠢᠨ ᠬᠢᠨᠠᠨ ᠲᠣᠭᠲᠠᠭᠠᠯᠲᠠ ᠲᠠᠢ ᠤᠶᠠᠯᠳᠤᠭᠤᠯᠵᠤ᠂ 6 ᠪᠦᠯᠦᠭ ᠤᠨ ᠨᠡᠶᠢᠲᠡ 1413 ᠨᠠᠷᠠᠨ ᠬᠤᠸᠠᠷ ᠤᠨ ᠡᠭᠦᠯᠳᠡᠷ ᠢ ᠵᠠᠯᠭᠠᠭ᠎ᠠ ᠪᠠᠷ ᠬᠦᠴᠦᠨ ᠦᠭᠡᠢ ᠪᠤᠯᠭᠠᠵᠤ᠂ ᠦᠷ᠎ᠡ ᠶᠢᠨ ᠵᠠᠬ᠎ᠠ ᠳᠡᠯᠭᠡᠭᠦᠷ ᠢ ᠴᠡᠭᠴᠡᠯᠡᠭᠰᠡᠨ ᠪᠠᠶᠢᠨ᠎ᠠ᠃      21 ᠳ᠋ᠦ᠋ᠭᠡᠷ ᠵᠠᠭᠤᠨ ᠤ ᠡᠬᠢᠨ ᠳᠤ᠂ ᠮᠠᠨ ᠤ ᠤᠯᠤᠰ ᠭᠠᠳᠠᠭᠠᠳᠤ ᠠᠴᠠ ᠨᠠᠷᠠᠨ ᠬᠤᠸᠠᠷ ᠤᠨ ᠡᠷᠯᠢᠰᠡᠵᠢᠭᠦᠯᠦᠭᠰᠡᠨ ᠡᠭᠦᠯᠳᠡᠷ ᠢ ᠠᠯᠬᠤᠮ ᠠᠯᠬᠤᠮ ᠢᠶᠠᠷ ᠣᠷᠣᠭᠤᠯᠵᠤ᠂ 20 ᠭᠠᠷᠤᠢ ᠵᠢᠯ ᠤᠨ ᠴᠢᠷᠮᠠᠶᠢᠯᠭ᠎ᠠ ᠪᠠᠷ ᠳᠠᠮᠵᠢᠨ᠂ ᠨᠢᠭᠡ ᠪᠦᠯᠦᠭ ᠥᠨᠳᠥᠷ ᠤᠨᠠᠯᠲᠠ ᠲᠠᠢ ᠵᠣᠬᠢᠴᠠᠯᠳᠤᠬᠤ ᠴᠢᠨᠠᠷ ᠢᠶᠠᠷ ᠰᠠᠶᠢᠨ ᠰᠢᠯᠢᠳᠡᠭ ᠡᠭᠦᠯᠳᠡᠷ ᠢ ᠥᠭᠡᠷᠡᠴᠢᠯᠡᠨ ᠪᠣᠶᠢᠵᠢᠭᠤᠯᠵᠤ ᠭᠠᠷᠭᠠᠵᠠᠢ᠃ ᠭᠡᠪᠡᠴᠦ ᠨᠠᠷᠠᠨ ᠬᠤᠸᠠᠷ ᠤᠨ ᠦᠷ᠎ᠡ ᠶᠢᠨ ᠡᠬᠢ ᠪᠠᠶᠠᠯᠢᠭ ᠤᠨ ᠬᠤᠷᠠᠮᠳᠤᠭᠤᠯᠤᠯ ᠨᠢ ᠬᠢᠵᠠᠭᠠᠷ ᠲᠠᠢ᠂ ᠤᠳᠤᠮᠯᠠᠯ ᠤᠨ ᠪᠠᠶᠢᠳᠠᠯ ᠨᠢ ᠠᠳᠠᠯᠢᠪᠲᠤᠷ᠂ ᠰᠣᠩᠭᠤᠨ ᠪᠣᠶᠢᠵᠢᠭᠤᠯᠬᠤ ᠬᠠᠷᠠᠯᠲᠠ ᠶᠢᠨ ᠰᠢᠨᠵᠢ ᠪᠠᠶᠢᠳᠠᠯ ᠨᠢ ᠬᠠᠷᠢᠴᠠᠩᠭᠤᠢ ᠨᠢᠭᠡᠳᠦᠯᠲᠡᠢ᠂ ᠡᠭᠦᠯᠳᠡᠷ ᠪᠣᠶᠢᠵᠢᠭᠤᠯᠬᠤ ᠮᠡᠷᠭᠡᠵᠢᠯ ᠨᠢ ᠳᠠᠩ ᠴᠤᠯᠭᠤᠢ ᠪᠣᠯᠬᠤᠷ ᠨᠢᠭᠡ ᠡᠭᠦᠯᠳᠡᠷ ᠣᠯᠠᠨ ᠨᠡᠷ᠎ᠡ ᠲᠠᠢ᠂ ᠳᠠᠭᠤᠷᠢᠶᠠᠮᠠᠯ ᠡᠭᠦᠯᠳᠡᠷ ᠰᠠᠮᠠᠭᠤᠷᠠᠵᠤ᠂ ᠣᠯᠠᠨᠲᠠ ᠬᠤᠷᠢᠭᠯᠠᠭᠰᠠᠨ ᠴᠤ ᠵᠣᠭᠰᠣᠭᠠᠵᠤ ᠳᠡᠶᠢᠯᠦᠭᠰᠡᠨ ᠦᠭᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ᠶᠢ ᠬᠡᠷᠡᠭᠵᠢᠭᠦᠯᠦᠭᠰᠡᠨ ᠠᠴᠠ ᠨᠠᠭᠠᠰᠢ᠂ ᠦᠷ᠎ᠡ ᠶᠢᠨ ᠦᠢᠯᠡᠰ ᠤᠨ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠪᠠᠷ ᠭᠤᠣᠯᠳᠠᠯᠭ᠎ᠠ ᠪᠤᠯᠭᠠᠵᠤ᠂ ᠪᠣᠳᠠᠲᠤ ᠡᠭᠦᠰᠦᠮᠡᠯ ᠡᠭᠦᠯᠳᠡᠷ ᠤᠨ ᠳᠦᠷᠢᠮ ᠢ ᠲᠣᠭᠲᠠᠭᠠᠨ᠂ ᠤᠷᠭᠤᠮᠠᠯ ᠤᠨ ᠰᠢᠨ᠎ᠡ ᠡᠭᠦᠯᠳᠡᠷ ᠤᠨ ᠡᠷᠬᠡ ᠶᠢ ᠬᠠᠮᠠᠭᠠᠯᠠᠬᠤ ᠬᠡᠪᠴᠢᠶ᠎ᠡ ᠶᠢ ᠥᠷᠭᠡᠳᠬᠡᠬᠦ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠪᠣᠳᠠᠲᠤ ᠡᠭᠦᠰᠦᠮᠡᠯ ᠡᠭᠦᠯᠳᠡᠷ ᠤᠨ ᠳᠦᠷᠢᠮ ᠢ ᠬᠡᠷᠡᠭᠵᠢᠭᠦᠯᠬᠦ ᠠᠯᠬᠤᠮ ᠳᠠᠷᠠᠭ᠎ᠠ ᠪᠣᠯᠣᠨ ᠠᠷᠭ᠎ᠠ ᠶᠢ ᠲᠣᠭᠲᠠᠭᠠᠪᠠ᠃      ᠣᠶᠢᠯᠠᠭᠠᠭᠰᠠᠨ ᠢᠶᠠᠷ᠂ ᠪᠠᠶᠠᠨᠨᠠᠭᠤᠷ ᠬᠤᠲᠠ ᠡᠨᠡ ᠬᠦ ᠰᠢᠨ᠎ᠡ ᠭᠡᠯᠪᠡᠷᠢ ᠶᠢᠨ ᠮᠣᠯᠧᠺᠦ᠋ᠯ ᠢᠶᠠᠷ ᠲᠡᠮᠳᠡᠭᠯᠡᠬᠦ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠶᠠᠪᠤᠴᠠ ᠳᠤ 648 ᠬᠤᠪᠢ ᠨᠠᠷᠠᠨ ᠬᠤᠸᠠᠷ ᠤᠨ ᠡᠭᠦᠯᠳᠡᠷ ᠢ ᠰᠣᠩᠭᠤᠵᠤ᠂ ᠰᠢᠯᠢᠵᠦ ᠰᠣᠩᠭᠤᠭᠰᠠᠨ 522 MNP ᠲᠡᠮᠳᠡᠭ ᠲᠤ ᠡᠭᠦᠯᠳᠡᠷ ᠢᠯᠭᠠᠬᠤ ᠴᠢᠳᠠᠪᠤᠷᠢ ᠶᠢᠨ ᠦᠨᠡᠯᠡᠯᠲᠡ ᠬᠢᠵᠦ᠂ ᠳᠠᠭᠢᠨ ᠢᠯᠡᠷᠡᠬᠦ ᠴᠢᠨᠠᠷᠲᠠᠢ ᠲᠤᠷᠰᠢᠯᠲᠠ ᠪᠠᠷ MNP ᠲᠡᠮᠳᠡᠭ ᠤᠨ ᠭᠡᠯᠪᠡᠷᠢ ᠬᠤᠪᠢᠶᠠᠷᠢᠯᠠᠬᠤ ᠣᠨᠣᠪᠴᠢ ᠶᠢ ᠰᠢᠯᠭᠠᠨ ᠪᠠᠲᠤᠯᠠᠵᠤ᠂ ᠤᠯᠤᠰ ᠤᠨ ᠳᠣᠲᠣᠭᠠᠳᠤ ᠶᠢᠨ ᠡᠭᠦᠯᠳᠡᠷ ᠪᠣᠶᠢᠵᠢᠭᠤᠯᠬᠤ᠂ ᠦᠢᠯᠡᠳᠪᠦᠷᠢᠯᠡᠬᠦ᠂ ᠰᠢᠯᠭᠠᠨ ᠬᠡᠮᠵᠢᠵᠦ ᠰᠢᠯᠭᠠᠨ ᠪᠠᠶᠢᠴᠠᠭᠠᠬᠤ ᠵᠡᠷᠭᠡ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠰᠠᠨᠠᠯ ᠰᠠᠨᠠᠭᠤᠯᠭ᠎ᠠ ᠶᠢ ᠭᠦᠢᠴᠡᠳ ᠬᠤᠷᠢᠶᠠᠵᠤ᠂ ᠰᠢᠨᠵᠢᠯᠡᠬᠦ ᠤᠬᠠᠭᠠᠨ᠂ ᠪᠣᠳᠠᠲᠤ ᠪᠠᠶᠢᠳᠠᠯ᠂ ᠢᠷᠡᠭᠡᠳᠦᠢ ᠶᠢᠨ ᠬᠡᠷᠡᠭᠴᠡᠭᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠨᠠᠷᠠᠨ ᠬᠤᠸᠠᠷ ᠤᠨ ᠡᠭᠦᠯᠳᠡᠷ ᠢ ᠬᠢᠨᠠᠨ ᠲᠣᠭᠲᠠᠭᠠᠬᠤ ᠪᠠ ᠪᠣᠳᠠᠲᠤ ᠡᠭᠦᠰᠦᠮᠡᠯ ᠬᠠᠷᠢᠴᠠᠭ᠎ᠠ ᠶᠢ ᠮᠠᠭᠠᠳᠯᠠᠬᠤ ᠵᠠᠭᠠᠭ ᠢ ᠲᠣᠭᠲᠠᠭᠠᠪᠠ᠃ ᠡᠨᠡ ᠨᠢ ᠮᠠᠨ ᠤ ᠤᠯᠤᠰ ᠤᠨ ᠨᠠᠷᠠᠨ ᠬᠤᠸᠠᠷ ᠤᠨ ᠦᠷ᠎ᠡ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃      ᠨᠠᠷᠠᠨ ᠬᠤᠸᠠᠷ ᠪᠣᠯ ᠭᠠᠩ ᠬᠠᠭᠰᠠᠷᠠᠭᠠᠨ ᠳᠤ ᠳᠠᠭᠠᠭᠠᠴᠠᠲᠠᠢ᠂ ᠬᠤᠵᠢᠷᠯᠢᠭ ᠭᠠᠵᠠᠷ ᠲᠤ ᠲᠡᠰᠪᠦᠷᠢᠲᠡᠢ ᠳᠡᠯᠡᠬᠡᠢ ᠳᠡᠭᠡᠷᠡᠬᠢ ᠳᠥᠷᠪᠡᠳᠦᠭᠡᠷ ᠲᠣᠮᠣ ᠲᠣᠰᠣᠯᠢᠭ ᠲᠠᠷᠢᠮᠠᠯ ᠪᠣᠯᠣᠨ᠎ᠠ᠃ ᠥᠪᠥᠷ ᠮᠣᠩᠭᠤᠯ ᠵᠢᠯ ᠳᠤ 800 ᠲᠦᠮᠡᠨ ᠮᠦ ᠰᠢᠬᠠᠮ ᠨᠠᠷᠠᠨ ᠬᠤᠸᠠᠷ ᠲᠠᠷᠢᠵᠤ᠂ ᠪᠦᠭᠦ ᠤᠯᠤᠰ ᠤᠨ ᠨᠠᠷᠠᠨ ᠬᠤᠸᠠᠷ ᠤᠨ ᠲᠠᠷᠢᠮᠠᠯ ᠤᠨ ᠲᠠᠯᠠᠪᠠᠢ ᠶᠢᠨ ᠬᠠᠭᠠᠰ ᠠᠴᠠ ᠳᠡᠭᠡᠭᠰᠢᠬᠢ ᠶᠢ ᠡᠵᠡᠯᠡᠵᠦ ᠪᠤᠢ᠃ ᠡᠭᠦᠨ ᠳᠤ ᠪᠠᠶᠠᠨᠨᠠᠭᠤᠷ ᠬᠤᠲᠠ ᠵᠢᠯ ᠳᠤ 400 ᠭᠠᠷᠤᠢ ᠲᠦᠮᠡᠨ ᠮᠦ ᠨᠠᠷᠠᠨ ᠬᠤᠸᠠᠷ ᠲᠠᠷᠢᠵᠤ᠂ ᠥᠪᠥᠷ ᠮᠣᠩᠭᠤᠯ ᠤᠨ ᠲᠠᠷᠢᠮᠠᠯ ᠤᠨ ᠲᠠᠯᠠᠪᠠᠢ ᠶᠢᠨ ᠬᠠᠭᠠᠰ ᠠᠴᠠ ᠳᠡᠭᠡᠭᠰᠢᠬᠢ ᠶᠢ ᠡᠵᠡᠯᠡᠵᠦ᠂ ᠪᠦᠭᠦ ᠤᠯᠤᠰ ᠤᠨ ᠲᠠᠷᠢᠮᠠᠯ ᠤᠨ ᠲᠠᠯᠠᠪᠠᠢ ᠶᠢᠨ 25% ᠠᠴᠠ ᠳᠡᠭᠡᠭᠰᠢᠬᠢ ᠶᠢ ᠡᠵᠡᠯᠡᠵᠦ᠂ ᠪᠦᠭᠦ ᠤᠯᠤᠰ ᠤᠨ ᠬᠠᠮᠤᠭ ᠤᠨ ᠲᠣᠮᠣ ᠢᠳᠡᠭᠡᠨ ᠤ ᠨᠠᠷᠠᠨ ᠬᠤᠸᠠᠷ ᠲᠠᠷᠢᠬᠤ ᠰᠠᠭᠤᠷᠢᠨ ᠪᠣᠯᠣᠨ᠎ᠠ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号