ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢᠨ ︽ᠲᠦᠷᠦᠭᠦᠴᠢ ᠭᠠᠯᠠᠭᠤ︾ ᠪᠣᠶᠢᠵᠢᠭᠤᠯᠬᠤ ᠲᠥᠷᠥᠯ ᠵᠦᠢᠯ ᠤᠨ ᠮᠤᠵᠢ ᠠᠯᠤᠰᠯᠠᠨ ᠬᠠᠷᠢᠯᠴᠠᠨ ᠠᠶᠢᠯᠴᠢᠯᠠᠬᠤ ᠠᠵᠢᠯᠯᠠᠭ᠎ᠠ ᠴᠦᠩᠴᠢᠩ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/12/13
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠦᠷᠦᠭᠦᠴᠢ ᠭᠠᠯᠠᠭᠤ︾ ᠶᠢᠨ ᠰᠤᠷᠤᠭᠴᠢᠳ ᠤᠨ ᠠᠵᠢᠯ ᠬᠢᠵᠦ ᠠᠳᠠᠯ ᠦᠢᠯᠡᠰ ᠴᠣᠭᠴᠠᠯᠠᠬᠤ ᠬᠢᠷᠢ ᠲᠦᠪᠰᠢᠨ ᠵᠢᠴᠢ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠦᠩᠴᠢᠩ ᠬᠤᠲᠠ ᠶᠢᠨ ︽ᠲᠦᠷᠦᠭᠦᠴᠢ ᠭᠠᠯᠠᠭᠤ︾ ᠶᠢᠨ ᠳᠠᠭᠠᠭᠤᠯᠤᠭᠴᠢ ᠶᠢᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠬᠢ ᠠᠮᠵᠢᠯᠲᠠ ᠲᠠᠢ ᠲᠤᠷᠰᠢᠯᠭ᠎ᠠ ᠪᠠᠷ ᠲᠣᠯᠢ ᠪᠣᠯᠭᠠᠵᠤ᠂ ᠰᠤᠷᠤᠭᠴᠢᠳ ᠤᠨ ᠬᠠᠷᠠᠭ᠎ᠠ ᠰᠡᠳᠬᠢᠮᠵᠢ ᠶᠢ ᠥᠷᠭᠡᠳᠬᠡᠨ᠂ ᠥᠪᠥᠷ ᠮᠣᠩᠭᠤᠯ ᠴᠦᠩᠴᠢᠩ ᠬᠤᠶᠠᠷ ᠭᠠᠵᠠᠷ ᠤᠨ ︽ᠲᠦᠷᠦᠭᠦᠴᠢ ᠭᠠᠯᠠᠭᠤ︾ ᠶᠢᠨ ᠰᠤᠷᠤᠭᠴᠢᠳ ᠤᠨ ᠲᠤᠷᠰᠢᠯᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠥᠯᠥᠭᠡ᠂ 12 ᠰᠠᠷ᠎ᠠ ᠶᠢᠨ 3 ᠤ ᠡᠳᠦᠷ ᠠᠴᠠ 12 ᠤᠨ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠴᠦᠩᠴᠢᠩ ᠬᠤᠲᠠ ᠳᠤ ᠬᠤᠶᠠᠳᠤᠭᠠᠷ ᠬᠤᠭᠤᠴᠠᠭᠠᠨ ᠤ ︽ᠲᠦᠷᠦᠭᠦᠴᠢ ᠭᠠᠯᠠᠭᠤ︾ ᠶᠢᠨ ᠲᠥᠷᠥᠯ ᠵᠦᠢᠯ ᠤᠨ ᠮᠤᠵᠢ ᠠᠯᠤᠰᠯᠠᠨ ᠬᠠᠷᠢᠯᠴᠠᠨ ᠠᠶᠢᠯᠴᠢᠯᠠᠬᠤ ᠠᠵᠢᠯᠯᠠᠭ᠎ᠠ ᠥᠷᠨᠢᠭᠦᠯᠪᠡ᠃
1.png
      ᠲᠣᠰ ᠤᠳᠠᠭᠠᠨ ᠤ ᠮᠤᠵᠢ ᠠᠯᠤᠰᠯᠠᠭᠰᠠᠨ ᠬᠠᠷᠢᠯᠴᠠᠨ ᠠᠶᠢᠯᠴᠢᠯᠠᠬᠤ ᠠᠵᠢᠯᠯᠠᠭ᠎ᠠ  ᠨᠢ ᠴᠦᠩᠴᠢᠩ ᠬᠤᠲᠠ ᠶᠢᠨ ︽ᠲᠦᠷᠦᠭᠦᠴᠢ ᠭᠠᠯᠠᠭᠤ︾ ᠶᠢᠨ ᠰᠤᠷᠤᠭᠴᠢᠳ ᠤᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ᠂ ᠲᠤᠰᠬᠠᠢ ᠮᠡᠷᠭᠡᠵᠢᠯᠲᠡᠨ ᠤ ᠬᠢᠴᠢᠶᠡᠯ ᠣᠷᠣᠬᠤ ᠵᠢᠴᠢ ᠶᠠᠷᠢᠯᠴᠠᠨ ᠰᠣᠯᠢᠯᠴᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠥᠷᠨᠢᠭᠦᠯᠦᠭᠰᠡᠨ ᠪᠠᠶᠢᠨ᠎ᠠ᠃ ᠬᠠᠷᠢᠯᠴᠠᠨ ᠠᠶᠢᠯᠴᠢᠯᠠᠬᠤ ᠬᠤᠭᠤᠴᠠᠭᠠᠨ ᠳᠤ᠂ ᠴᠦᠩᠴᠢᠩ ᠬᠤᠳᠠ ᠶᠢᠨ ︽ᠲᠦᠷᠦᠭᠦᠴᠢ ᠭᠠᠯᠠᠭᠤ︾  ᠶᠢᠨ ᠰᠤᠷᠤᠭᠴᠢᠳ ᠤᠨ ᠠᠵᠤ ᠦᠢᠯᠡᠰ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠬᠠᠷ᠎ᠠ ᠢᠮᠠᠭᠠᠨ ᠤ ᠠᠵᠤ ᠦᠢᠯᠡᠰ᠂ ᠡᠪᠦᠯ ᠤᠨ ᠨᠣᠭᠤᠭ᠎ᠠ ᠶᠢᠨ ᠠᠵᠤ ᠦᠢᠯᠡᠰ᠂ ᠵᠦᠷᠵᠢ ᠶᠢᠨ ᠠᠵᠤ ᠦᠢᠯᠡᠰ᠂ ᠣᠶᠤᠨᠲᠤ ᠴᠢᠬᠢ ᠪᠣᠶᠢᠵᠢᠭᠤᠯᠬᠤ ᠦᠢᠯᠡᠳᠪᠦᠷᠢ ᠵᠢᠴᠢ ᠰᠡᠯᠡᠭᠦᠴᠡᠯ ᠤᠨ ᠲᠠᠷᠢᠶᠠᠯᠠᠩ ᠵᠡᠷᠭᠡ ᠬᠦᠷᠢᠶ᠎ᠡ ᠶᠢ ᠬᠠᠮᠤᠷᠪᠠ︔ ᠡᠭᠦᠨ ᠤ ᠵᠡᠷᠭᠡ ᠳᠤ ᠴᠦᠩᠴᠢᠩ ᠬᠤᠲᠠ  ᠶᠢᠨ ︽ᠲᠦᠷᠦᠭᠦᠴᠢ ᠭᠠᠯᠠᠭᠤ︾ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠰᠤᠳᠤᠯᠤᠨ ᠶᠠᠷᠢᠯᠴᠠᠵᠤ᠂ ᠲᠡᠳᠡᠨ ᠤ ᠣᠨᠴᠠᠯᠢᠭᠲᠤ ᠲᠠᠷᠢᠶᠠᠯᠠᠩ ᠤᠨ ᠨᠡᠷᠡᠲᠦ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠢᠭᠤᠯᠴᠢᠯᠠᠯ ᠤᠨ ᠨᠡᠭᠡᠭᠡᠨ ᠬᠥᠭᠵᠢᠭᠦᠯᠦᠯᠲᠡ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠵᠡᠷᠭᠡ ᠲᠠᠯ᠎ᠠ ᠶᠢᠨ ᠠᠮᠵᠢᠯᠲᠠ  ᠲᠠᠢ ᠲᠤᠷᠰᠢᠯᠭ᠎ᠠ  ᠶᠢ ᠰᠤᠷᠤᠯᠴᠠᠵᠤ᠂ ᠢᠷᠡᠭᠡᠳᠦᠢ  ᠶᠢᠨ ᠪᠣᠯᠣᠯᠴᠠᠭ᠎ᠠ ᠪᠦᠬᠦᠢ ᠬᠠᠮᠲᠤᠷᠠᠯᠴᠠᠭᠠᠨ ᠤ ᠲᠣᠬᠢᠶᠠᠯ ᠪᠣᠯᠣᠨ ᠬᠠᠮᠲᠤᠷᠠᠯᠴᠠᠭᠠᠨ ᠤ ᠵᠠᠭᠪᠤᠷ  ᠢ ᠬᠠᠮᠲᠤ ᠪᠠᠷ ᠬᠠᠶᠢᠨ ᠰᠦᠪᠡᠭᠴᠢᠯᠡᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠵᠧᠵᠢᠶᠠᠩ ᠶᠡᠭᠡ ᠰᠤᠷᠭᠠᠭᠤᠯᠢ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠫᠷᠤᠹᠧᠰᠰᠤᠷ ᠢ ᠤᠷᠢᠵᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠳᠤ ᠣᠲᠣ ᠦᠶ᠎ᠡ ᠶᠢᠨ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢ ᠶᠢ ᠬᠡᠷᠬᠢᠨ ᠣᠯᠭᠤᠬᠤ ᠲᠤᠬᠠᠢ ᠲᠤᠰᠬᠠᠢ ᠰᠡᠳᠦᠪ ᠢᠶᠠᠷ ᠬᠢᠴᠢᠶᠡᠯᠯᠡᠭᠦᠯᠪᠡ᠃
2.png
      ᠲᠣᠰ ᠤᠳᠠᠭᠠᠨ ᠤ ᠮᠤᠵᠢ ᠠᠯᠤᠰᠯᠠᠨ ᠬᠠᠷᠢᠯᠴᠠᠨ ᠠᠶᠢᠯᠴᠢᠯᠠᠬᠤ ᠠᠵᠢᠯᠯᠠᠭ᠎ᠠ ᠨᠢ ᠡᠮᠦᠨᠡᠲᠦ ᠤᠮᠠᠷᠠᠲᠤ ᠶᠢᠨ ︽ᠲᠦᠷᠦᠭᠦᠴᠢ ᠭᠠᠯᠠᠭᠤ︾ ᠶᠢᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠦᠵᠡᠯ ᠰᠠᠨᠠᠭᠠᠨ ᠤ ᠰᠣᠯᠢᠯᠴᠠᠭ᠎ᠠ ᠪᠠ ᠵᠤᠯᠭᠠᠯᠴᠠᠭ᠎ᠠ ᠶᠢ ᠠᠬᠢᠭᠤᠯᠬᠤ ᠳᠤ ᠠᠰᠢᠭᠲᠠᠢ ᠪᠠᠷ ᠪᠠᠷᠠᠬᠤ ᠦᠭᠡᠢ᠂ ᠪᠠᠰᠠ ᠬᠤᠶᠠᠷ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠠᠮᠲᠤᠷᠠᠯᠴᠠᠭ᠎ᠠ ᠳᠤ ᠰᠢᠨ᠎ᠡ ᠣᠷᠣᠨ ᠵᠠᠢ ᠨᠡᠭᠡᠭᠡᠵᠦ ᠥᠭᠭᠦᠭᠰᠡᠨ ᠪᠠᠶᠢᠨ᠎ᠠ᠃ ᠰᠤᠷᠤᠭᠴᠢᠳ ᠲᠤᠰ ᠤᠳᠠᠭ᠎ᠠ ᠶᠢᠨ ᠬᠠᠷᠢᠯᠴᠠᠨ ᠠᠶᠢᠯᠴᠢᠯᠠᠯᠲᠠ ᠬᠢᠬᠦ ᠪᠠᠷ ᠠᠵᠠ ᠲᠣᠬᠢᠶᠠᠯ ᠪᠣᠯᠭᠠᠵᠤ᠂ ᠬᠤᠶᠠᠷ ᠭᠠᠵᠠᠷ ᠤᠨ ︽ᠲᠦᠷᠦᠭᠦᠴᠢ ᠭᠠᠯᠠᠭᠤ︾ ᠵᠢᠴᠢ ᠲᠡᠭᠦᠨ ᠤ ᠬᠠᠷᠢᠶ᠎ᠠ ᠲᠠᠷᠢᠶᠠᠯᠠᠩ ᠤᠨ ᠠᠵᠤ ᠠᠬᠤᠶᠢᠯᠠᠯ᠂ ᠬᠤᠷᠰᠢᠶ᠎ᠠ ᠵᠡᠷᠭᠡ ᠶᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠲᠠᠷᠢᠶᠠᠯᠠᠩ ᠤᠨ ᠣᠳᠣᠬᠢᠴᠢᠯᠠᠯᠲᠠ ᠪᠣᠯᠣᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
3.png
4.png
      ᠡᠯ᠎ᠡ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠰᠠᠯᠠᠭ᠎ᠠ ᠶᠢᠨ ︽ᠲᠦᠷᠦᠭᠦᠴᠢ ᠭᠠᠯᠠᠭᠤ︾ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠵᠢᠴᠢ ᠥᠪᠡᠷᠲᠡᠭᠡᠨ ᠵᠠᠰᠠᠬᠤ ᠣᠷᠣᠨ ᠤ ᠰᠢᠯᠢᠳᠡᠭ ︽ᠲᠦᠷᠦᠭᠦᠴᠢ ᠭᠠᠯᠠᠭᠤ︾ ᠶᠢᠨ ᠰᠣᠷᠣᠭᠴᠢ ᠶᠢᠨ ᠲᠥᠯᠥᠭᠡᠯᠡᠭᠴᠢ ᠨᠡᠶᠢᠲᠡ 150 ᠬᠥᠮᠥᠨ ᠣᠷᠣᠯᠴᠠᠵᠠᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号