820.1 ᠳ᠋ᠦᠩᠰᠢᠭᠤᠷ ᠵᠢᠩ︕ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 800 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠪᠠ
ᠨᠡᠶᠢᠲᠡᠯᠡᠭᠰᠡᠨ ᠴᠠᠭ᠄
2024/12/14
      ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠲᠡᠯᠡᠭᠰᠡᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2024 ᠣᠨ ᠳᠤ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ 6 ᠵᠢᠯ ᠳᠠᠷᠠᠭᠠᠯᠠᠨ 700 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠰᠠᠨ ᠰᠠᠭᠤᠷᠢᠨ ᠳᠡᠭᠡᠷ᠎ᠡ᠂ ᠠᠩᠬ᠎ᠠ ᠤᠳᠠᠭ᠎ᠠ 800 ᠳ᠋ᠦᠩᠰᠢᠭᠤᠷ ᠵᠢᠩ ᠤᠨ ᠰᠢᠨ᠎ᠡ ᠳᠡᠭᠲᠡᠷ ᠲᠤ ᠭᠠᠷᠴᠤ᠂ 820.1 ᠳ᠋ᠦᠩᠰᠢᠭᠤᠷ ᠵᠢᠩ ᠳᠤ ᠬᠦᠷᠴᠦ᠂ ᠪᠥᠬᠦ ᠤᠯᠤᠰ ᠲᠤ ᠵᠢᠷᠭᠤᠳᠤᠭᠠᠷ ᠲᠤ ᠣᠷᠣᠪᠠ︔ ᠲᠦᠷᠦᠭᠦᠦ ᠵᠢᠯ ᠤᠨ ᠬᠢ ᠠᠴᠠ 28.5 ᠳ᠋ᠦᠩᠰᠢᠭᠤᠷ ᠵᠢᠩ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠪᠦᠬᠦ ᠤᠯᠤᠰ ᠤᠨ ᠭᠤᠷᠪᠠᠳᠤᠭᠠᠷ ᠲᠤ ᠣᠷᠣᠵᠤ᠂ ︽ᠬᠤᠷᠢᠨ ᠨᠢᠭᠡᠨ ᠵᠢᠯ ᠲᠠᠷᠠᠭᠠᠯᠠᠭᠰᠠᠨ ᠡᠯᠪᠡᠭ ᠬᠤᠷᠢᠶᠠᠯᠲᠠ︾ ᠶᠢ ᠪᠡᠶᠡᠯᠡᠭᠦᠯᠵᠦ᠂ ᠠᠮᠤ ᠪᠤᠳᠠᠭᠠᠨ ᠤ ᠤᠨᠠᠯᠲᠠ ᠰᠢᠨ᠎ᠡ ᠳᠡᠭᠲᠡᠷ ᠲᠤ ᠭᠠᠷᠪᠠ᠃ ᠪᠥᠬᠦ ᠣᠷᠣᠨ ᠤ ᠠᠮᠤ ᠪᠤᠳᠠᠭ᠎ᠠ ᠳᠠᠷᠢᠬᠤ ᠲᠠᠯᠠᠪᠠᠶ 10517.7 ᠲᠦᠮᠡᠨ ᠮᠦ ᠳᠤ ᠬᠦᠷᠴᠦ᠂ ᠳᠡᠭᠡᠷ᠎ᠡᠵᠢᠯ ᠤᠨ ᠬᠢ ᠠᠴᠠ 40.6 ᠲᠦᠮᠡᠨ ᠮᠦ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ ᠤᠨ ᠭᠤᠷᠪᠠᠳᠤᠭᠠᠷ ᠲᠤ ᠣᠷᠣᠪᠠ᠃ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠨᠢᠭᠡᠴᠢ ᠶᠢᠨ ᠳᠤᠮᠳᠠᠴᠢ ᠤᠨᠠᠯᠲᠠ 779.7 ᠵᠢᠩ / ᠮᠦ ᠪᠦᠷᠢ ᠳᠤ ᠬᠦᠷᠴᠦ᠂ ᠳᠡᠭᠡᠷ᠎ᠡ ᠵᠢᠯ ᠤᠨ ᠬᠢ ᠠᠴᠠ 24.2 ᠵᠢᠩ / ᠮᠦ ᠪᠦᠷᠢ ︵ᠪᠦᠬᠦ ᠤᠯᠤᠰ ᠤᠨ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ 10.1 ᠵᠢᠩ / ᠮᠦ ᠪᠦᠷᠢ︶ ᠨᠡᠮᠡᠭᠳᠡᠪᠡ᠃ ᠶᠡᠷᠦᠩᠬᠡᠢ ᠤᠨᠠᠯᠲᠠ ᠶᠢᠨ ᠲᠠᠯᠠᠪᠠᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠴᠥᠮ ᠲᠣᠭᠲᠠᠭᠤᠨ ᠢᠶᠠᠷ ᠳᠡᠭᠡᠭᠰᠢᠯᠡᠭᠦᠯᠪᠡ᠃ 
1.png
       ᠡᠨᠡ ᠵᠢᠯ ᠠᠴᠠ ᠨᠠᠭᠠᠰᠢ᠂ ᠥᠪᠥᠷ ᠮᠣᠩᠭᠤᠯ ᠠᠮᠤ ᠪᠤᠳᠠᠭᠠᠨ ᠤ ᠠᠮᠤᠷ ᠲᠦᠪᠰᠢᠨ ᠤ ︽ᠤᠯᠤᠰ ᠤᠨ ᠲᠣᠮᠣ ᠬᠥᠮᠥᠰ︾ ᠢ ᠲᠣᠭᠲᠠᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ︽ᠠᠮᠤ ᠪᠤᠳᠠᠭ᠎ᠠ ᠶᠢ ᠭᠠᠵᠠᠷ ᠰᠢᠷᠣᠢ ᠳᠤ ᠬᠠᠳᠠᠭᠠᠯᠠᠵᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠪᠡᠯᠡ ᠮᠥᠩᠭᠦ ᠶᠢ 181.6 ᠳ᠋ᠦᠩᠰᠢᠭᠤᠷ ᠲᠥᠭᠦᠷᠢᠭ ᠴᠠᠭ ᠲᠤᠬᠠᠢ ᠳᠤᠨᠢ ᠪᠠᠭᠤᠯᠭᠠᠵᠤ᠂ ᠣᠷᠣᠨ ᠨᠤᠲᠤᠭ ᠤᠨ ᠠᠮᠤ ᠪᠤᠳᠠᠭ᠎ᠠ ᠶᠢ ᠠᠳᠬᠤᠬᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠭᠰᠠᠨ ᠪᠠᠶᠢᠨ᠎ᠠ᠃ ᠰᠠᠶᠢᠨ ᠲᠠᠷᠢᠶᠠᠨ ᠭᠠᠵᠠᠷ ᠪᠠᠶᠢᠭᠤᠯᠬᠤ᠂ ᠰᠠᠶᠢᠨ ᠡᠭᠦᠯᠳᠡᠷ ᠪᠣᠶᠢᠵᠢᠭᠤᠯᠬᠤ᠂ ᠰᠠᠶᠢᠨ ᠲᠣᠬᠢᠶᠠᠯ ᠲᠣᠬᠢᠷᠠᠭᠤᠯᠬᠤ᠂ ᠰᠠᠶᠢᠨ ᠮᠡᠷᠭᠡᠵᠢᠯ ᠳᠡᠯᠭᠡᠷᠡᠭᠦᠯᠬᠦ᠂ ᠰᠢᠯᠢᠳᠡᠭ ᠰᠠᠶᠢᠨ ᠳᠦᠷᠢᠮ ᠵᠡᠷᠭᠡ ︽ᠲᠠᠪᠤᠨ ᠰᠠᠶᠢᠨ︾ ᠤ ᠠᠷᠭ᠎ᠠ ᠬᠡᠮᠵᠢᠶ᠎ᠡ ᠶᠢ ᠠᠪᠴᠤ᠂ ᠠᠮᠤ ᠪᠤᠳᠠᠭ᠎ᠠ ᠶᠢ ᠢᠯᠡᠭᠦᠦ ᠨᠡᠮᠡᠭᠳᠡᠭᠦᠯᠬᠦ ᠶᠢ ᠪᠥᠬᠦ ᠲᠠᠯ᠎ᠠ ᠪᠠᠷ ᠲᠤᠯᠭᠠᠭᠤᠷᠢᠯᠠᠵᠤ᠂ ︽ᠳᠤᠮᠳᠠᠳᠤ ᠤᠯᠤᠰ ᠤᠨ ᠠᠮᠤ  ᠶᠢᠨ ᠰᠠᠩ︾ ᠳᠤ ᠨᠠᠩ ᠣᠯᠠᠨ ︽ᠥᠪᠥᠷ ᠮᠣᠩᠭᠤᠯ ᠤᠨ ᠠᠮᠤ ᠪᠤᠳᠠᠭ᠎ᠠ︾ ᠶᠢ ᠨᠡᠮᠡᠷᠢᠯᠡᠵᠠᠢ᠃      ︽ᠰᠠᠶᠢᠨ ᠲᠠᠷᠢᠶ᠎ᠠ︾ ᠶᠢ ᠰᠠᠶᠢᠲᠤᠷ ᠪᠠᠶᠢᠭᠤᠯᠵᠠᠢ᠃ ︽ᠨᠢᠭᠡ ᠬᠡᠰᠡᠭ ᠲᠠᠷᠢᠶᠠᠨ ᠭᠠᠵᠠᠷ ᠬᠤᠶᠠᠷ ᠬᠡᠰᠡᠭᠭᠠᠵᠠᠷ︾ ᠤᠨ ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ 2024 ᠣᠨ ᠳᠤ 940 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ ᠵᠢᠯ ᠤᠨ ᠡᠬᠢᠨ ᠳᠤ ᠲᠣᠭᠲᠠᠭᠠᠭᠰᠠᠨ 850 ᠲᠦᠮᠡᠨ ᠮᠦ ᠶᠢᠨ ᠣᠨ ᠤ ᠬᠠᠷᠠᠯᠲᠠ ᠶᠢ ᠳᠠᠪᠠᠭᠤᠯᠤᠨ ᠪᠡᠶᠡᠯᠡᠭᠦᠯᠵᠦ᠂ ᠨᠡᠶᠢᠲᠡ 6000 ᠲᠦᠮᠡᠨ ᠮᠦ ᠠᠴᠠ ᠳᠡᠭᠡᠭᠰᠢ ᠳᠤ ᠬᠦᠷᠴᠦ᠂ ᠠᠮᠤ ᠪᠤᠳᠠᠭᠠᠨ ᠤ ᠤᠨᠠᠯᠲᠠ ᠶᠢ ᠪᠦᠲᠦᠮᠵᠢᠲᠡᠶ ᠲᠤᠯᠭᠠᠭᠤᠷᠢᠯᠠᠵᠠᠢ᠃ ᠵᠡᠭᠦᠨ ᠳᠥᠷᠪᠡᠨ ᠠᠶᠢᠮᠠᠭ ᠬᠤᠲᠠ ᠳᠤ 2160 ᠲᠦᠮᠡᠨ ᠮᠦ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠵᠦ᠂ 900 ᠲᠦᠮᠡᠨ ᠮᠦ ᠠᠴᠠ ᠳᠡᠭᠡᠭᠰᠢ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠵᠢᠷᠯᠢᠭ ᠭᠠᠵᠠᠷ ᠢ ᠥᠭᠡᠷᠡᠴᠢᠯᠡᠨ ᠳᠡᠭᠡᠭᠰᠢᠯᠡᠭᠦᠯᠦᠭᠰᠡᠨ ᠶᠡᠷᠦᠩᠬᠡᠢ ᠲᠠᠯᠠᠪᠠᠶ ᠨᠢ 50.6 ᠲᠦᠮᠡᠨ ᠮᠦ ᠳᠤ ᠬᠥᠷᠪᠡ᠃ ᠪᠥᠬᠦ ᠣᠷᠣᠨ ᠤ ᠲᠠᠷᠢᠶᠠᠨ ᠭᠠᠵᠠᠷ ᠤᠨ ᠶᠠᠰᠤ ᠴᠢᠨᠠᠷ ᠦᠷᠭᠦᠯᠵᠢᠯᠡᠨ ᠳᠡᠭᠡᠭᠰᠢᠯᠡᠵᠦ᠂ ᠳᠡᠭᠡᠷ᠎ᠡ ᠵᠢᠯ ᠤᠨ ᠬᠢ ᠠᠴᠠ 0.05 ᠳᠡᠰ ᠢᠶᠠᠷ ᠳᠡᠭᠡᠭᠰᠢᠯᠡᠵᠡᠢ᠃ ᠥᠨᠳᠥᠷ ᠪᠦᠲᠦᠮᠵᠢᠲᠡᠶ ᠤᠰᠤ ᠠᠷᠪᠢᠯᠠᠬᠤ ᠠᠵᠢᠯ ᠪᠣᠳᠠᠲᠤ ᠦᠷ᠎ᠡ ᠪᠦᠲᠦᠮᠵᠢ ᠣᠯᠪᠠ᠃ ᠬᠤᠭᠤᠯᠠᠢ ᠪᠠᠷ ᠤᠰᠤᠯᠠᠬᠤ ᠥᠭᠡᠷᠡᠴᠢᠯᠡᠯᠲᠡ ᠶᠢ 51 ᠲᠦᠮᠡᠨ ᠮᠦ ᠳᠤ ᠳᠤᠰᠤᠯᠭᠠᠨ ᠤᠰᠤᠯᠠᠬᠤ ᠪᠣᠯᠭᠠᠬᠤ ᠶᠢ ᠪᠡᠶᠡᠯᠡᠭᠦᠯᠵᠦ᠂ ᠪᠥᠬᠦ ᠣᠷᠣᠨ ᠤ ᠲᠠᠷᠢᠶᠠᠯᠠᠩ ᠤᠨ ᠥᠨᠳᠥᠷ ᠦᠷ᠎ᠡ ᠠᠰᠢᠭᠲᠤ ᠤᠰᠤ ᠠᠷᠪᠢᠯᠠᠬᠤ ᠤᠰᠤᠯᠠᠯᠲᠠ ᠶᠢ 4600 ᠲᠦᠮᠡᠨ ᠮᠦ ᠳᠤ ᠬᠦᠷᠦᠭᠦᠯᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠠᠯᠠᠪᠠᠶ ᠶᠢ 3097 ᠲᠦᠮᠡᠨ ᠮᠦ ᠳᠤ ᠬᠦᠷᠦᠭᠦᠯᠵᠡᠢ᠃ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠨᠠᠮᠤᠷ ᠤᠰᠤᠯᠠᠵᠤ ᠬᠠᠪᠤᠷ ᠬᠤᠷᠠᠭᠤᠯᠬᠤ ᠰᠢᠨᠵᠢᠯᠡᠬᠦ ᠤᠬᠠᠭᠠᠨᠴᠢ ᠤᠰᠤᠯᠠᠯᠲᠠ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ︽ᠲᠠᠷᠢᠵᠤ ᠥᠩᠭᠡᠷᠡᠭᠡ ᠦᠭᠡᠢ ᠭᠠᠵᠠᠷ ᠢ ᠤᠰᠤᠯᠠᠬᠤ︾ ᠵᠡᠷᠭᠡ ᠲᠠᠷᠢᠶᠠᠯᠠᠩ ᠤᠨ ᠬᠡᠷᠡᠭᠯᠡᠬᠦ ᠤᠰᠤ ᠶᠢ ᠬᠡᠲᠦᠷᠡᠲᠡᠯ᠎ᠡ ᠬᠡᠷᠡᠭᠯᠡᠭᠰᠡᠨ ᠠᠰᠠᠭᠤᠳᠠᠯ ᠢ ᠦᠨᠡᠨᠬᠦ ᠰᠢᠢᠳᠪᠦᠷᠢᠯᠡᠵᠡᠢ᠃      ︽ᠰᠠᠶᠢᠨ ᠡᠭᠦᠯᠳᠡᠷ︾ ᠢ ᠰᠠᠶᠢᠲᠤᠷ ᠪᠣᠶᠢᠵᠢᠭᠤᠯᠵᠠᠢ᠃ ᠡᠭᠦᠯᠳᠡᠷ ᠪᠣᠶᠢᠵᠢᠭᠤᠯᠬᠤ ᠲᠠᠯ᠎ᠠ ᠪᠠᠷ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠨᠡᠷᠡᠨ ᠬᠤᠸᠠᠷ᠂ ᠤᠰᠤᠨ ᠲᠤᠲᠤᠷᠭ᠎ᠠ᠂ ᠨᠠᠷᠢᠮᠤ᠂ ᠪᠤᠭᠤᠳᠠᠢ᠂ ᠨᠣᠬᠠᠢ ᠶᠢᠨ ᠬᠤᠰᠢᠭᠤ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠶᠢ ᠥᠷᠨᠢᠭᠦᠯᠵᠦ᠂ ︽ᠥᠪᠥᠷ ᠮᠣᠩᠭᠤᠯ ᠪᠤᠷᠴᠠᠭ 1137︾ ᠶᠢ ᠤᠯᠤᠰ ᠤᠨ ᠭᠤᠣᠯ ᠳᠡᠯᠭᠡᠷᠡᠭᠦᠯᠬᠦ ᠡᠭᠦᠯᠳᠡᠷ ᠤᠨ ᠨᠡᠷᠡᠰ ᠤᠨ ᠵᠢᠭᠰᠠᠭᠠᠯᠲᠠ ᠳᠤ ᠣᠷᠣᠭᠤᠯᠪᠠ᠃ ᠦᠷ᠎ᠡ ᠪᠣᠶᠢᠵᠢᠭᠤᠯᠬᠤ ᠲᠠᠯ᠎ᠠ ᠪᠠᠷ᠂ 9 ᠤᠯᠤᠰ ᠤᠨ ᠲᠠᠰ ᠤᠨ ᠦᠷ᠎ᠡ ᠪᠣᠶᠢᠵᠢᠭᠤᠯᠬᠤ ᠲᠣᠮᠣ ᠰᠢᠶᠠᠨ ᠪᠠ ᠣᠷᠣᠨ ᠪᠦᠰᠡ ᠶᠢᠨ ᠴᠢᠨᠠᠷᠲᠠᠢ ᠰᠠᠶᠢᠨ ᠦᠷ᠎ᠡ ᠶᠢᠨ ᠰᠠᠭᠤᠷᠢᠨ ᠭᠠᠵᠠᠷ ᠢ ᠪᠠᠶᠢᠭᠤᠯᠵᠤ᠂ 3 ᠥᠪᠡᠷᠲᠡᠭᠡᠨ ᠵᠠᠰᠠᠬᠤ ᠣᠷᠣᠨ ᠤ ᠲᠠᠰ ᠤᠨ ᠦᠷ᠎ᠡ ᠪᠣᠶᠢᠵᠢᠭᠤᠯᠬᠤ ᠲᠣᠮᠣ ᠰᠢᠶᠠᠨ ᠢ ᠰᠢᠨ᠎ᠡ ᠪᠠᠷ ᠮᠠᠭᠠᠳᠯᠠᠨ ᠲᠣᠭᠲᠠᠭᠠᠵᠤ᠂ 5 ᠡᠷᠦᠬᠡ ᠳᠤ ᠬᠦᠷᠦᠭᠦᠯᠦᠨ᠂ ᠦᠷ᠎ᠡ ᠪᠣᠶᠢᠵᠢᠭᠤᠯᠬᠤ ᠲᠠᠯᠠᠪᠠᠶ ᠶᠢ 150 ᠲᠦᠮᠡᠨ ᠮᠦ ᠠᠴᠠ ᠳᠡᠭᠡᠭᠰᠢ ᠳᠤ ᠬᠦᠷᠦᠭᠦᠯᠵᠦ᠂ ᠲᠥᠮᠥᠰᠥ᠂ ᠰᠢᠷ᠎ᠠ ᠪᠤᠷᠴᠠᠭ᠂ ᠡᠷᠳᠡᠨᠢ ᠰᠢᠰᠢ ᠶᠢᠨ ᠦᠷ᠎ᠡ ᠪᠣᠶᠢᠵᠢᠭᠤᠯᠬᠤ ᠲᠠᠯᠠᠪᠠᠶ ᠶᠢ ᠲᠣᠰ ᠲᠣᠰ ᠪᠥᠬᠦ ᠤᠯᠤᠰ ᠤᠨ ᠨᠢᠭᠡᠳᠦᠭᠡᠷ᠂ ᠭᠤᠷᠪᠠᠳᠤᠭᠠᠷ᠂ ᠳᠥᠷᠪᠡᠳᠦᠭᠡᠷ ᠲᠤ ᠣᠷᠣᠭᠤᠯᠵᠠᠢ᠃ ᠦᠷ᠎ᠡ ᠬᠡᠷᠡᠭᠯᠡᠬᠦ ᠲᠠᠯ᠎ᠠ ᠪᠠᠷ᠂ ᠬᠤᠶᠠᠷ ᠵᠢᠯ ᠳᠠᠷᠠᠭᠠᠯᠠᠨ 60 ︽ᠲᠠᠷᠢᠶ᠎ᠠ ᠦᠵᠡᠵᠦ ᠦᠷ᠎ᠡ ᠰᠣᠩᠭᠤᠬᠤ︾ ᠲᠠᠪᠴᠠᠩ ᠢ ᠪᠠᠶᠢᠭᠤᠯᠵᠤ᠂ 7 ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠯᠭᠡᠨ ᠦᠵᠡᠭᠦᠯᠵᠦ ᠵᠢᠱᠢᠶ᠎ᠡ ᠦᠵᠡᠭᠦᠯᠬᠦ ᠲᠠᠪᠴᠠᠩ ᠢ ᠪᠣᠶ ᠪᠣᠯᠭᠠᠪᠠ᠃ ᠡᠨᠡ ᠵᠢᠯ ᠭᠤᠣᠯ ᠪᠣᠯᠬᠤ ᠲᠠᠷᠢᠮᠠᠯ ᠤᠨ ᠡᠭᠦᠯᠳᠡᠷ ᠢ 146 ᠬᠢᠨᠠᠨ ᠲᠣᠭᠲᠠᠭᠠᠵᠤ ᠪᠠᠲᠤᠯᠠᠨ᠂ ᠠᠳᠠᠯᠢ ᠪᠤᠰᠤ ᠠᠮᠢ ᠠᠬᠤᠢ ᠶᠢᠨ ᠣᠷᠣᠨ ᠪᠦᠰᠡ ᠳᠤ ᠲᠣᠬᠢᠷᠠᠬᠤ ᠭᠤᠣᠯᠯᠠᠬᠤ ᠡᠭᠦᠯᠳᠡᠷ ᠢ 60 ᠰᠣᠩᠭᠤᠨ ᠲᠠᠨᠢᠯᠴᠠᠭᠤᠯᠵᠤ᠂ ᠪᠥᠬᠦ ᠣᠷᠣᠨ ᠤ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ ᠶᠢ 98% ᠠᠴᠠ ᠳᠡᠭᠡᠭᠰᠢ ᠪᠣᠯᠭᠠᠵᠠᠢ᠃      ︽ᠰᠠᠶᠢᠨ  ᠮᠡᠷᠭᠡᠵᠢᠯ︾ ᠢ ᠰᠠᠶᠢᠲᠤᠷ ᠳᠡᠯᠭᠡᠷᠡᠭᠦᠯᠵᠦ᠂ ᠤᠨᠠᠯᠲᠠ ᠶᠢ ᠨᠡᠮᠡᠭᠳᠡᠭᠦᠯᠵᠡᠢ᠃ 21 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠢᠯᠠᠩᠭᠤᠶ᠎ᠠ ᠤᠯᠤᠰ ᠤᠨ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠲᠥᠷᠥᠯ ᠵᠦᠢᠯ ᠢ ᠴᠢᠷᠮᠠᠶᠢᠨ ᠣᠯᠵᠤ᠂ ᠪᠠᠭᠲᠠᠭᠠᠮᠵᠢ ᠪᠠ ᠪᠡᠯᠡ ᠮᠥᠩᠭᠦ ᠶᠢᠨ ᠬᠡᠮᠵᠢᠶ᠎ᠡ ᠨᠢ ᠴᠥᠮ ᠪᠥᠬᠦ ᠤᠯᠤᠰ ᠤᠨ ᠲᠡᠷᠢᠭᠦᠨ ᠳᠤ ᠣᠷᠣᠪᠠ᠃ 79 ᠬᠤᠰᠢᠭᠤ ᠰᠢᠶᠠᠨ ᠳᠤ 10922 ᠵᠠᠭᠤᠨ ᠮᠦ ᠲᠠᠷᠢᠶᠠᠨ ᠭᠠᠵᠠᠷ᠂ 3213 ᠮᠢᠩᠭᠠᠨ ᠮᠦ ᠳᠥᠷᠪᠡᠯᠵᠢᠨ ᠮᠧᠲᠷ ᠪᠠ 349 ᠲᠦᠮᠡᠨ ᠮᠦ ᠭᠠᠵᠠᠷ ᠢ ᠪᠠᠶᠢᠭᠤᠯᠵᠤ᠂ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ 1040 ᠲᠦᠮᠡᠨ ᠮᠦ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 496 ᠲᠦᠮᠡᠨ ᠮᠦ ᠨᠡᠮᠡᠭᠳᠡᠪᠡ᠃ ᠡᠭᠦᠨ ᠤ ᠵᠡᠷᠭᠡᠪᠡᠷ᠂ 40 ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ︽ᠶᠢᠰᠦ ᠪᠠᠶᠢᠬᠤ︾ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠪᠦᠬᠦ ᠣᠷᠣᠨ ᠤ ᠡᠷᠳᠡᠨᠢ ᠰᠢᠰᠢ ᠶᠢ ᠨᠢᠭᠲᠠ ᠲᠠᠷᠢᠬᠤ ᠨᠠᠷᠢᠯᠢᠭ ᠣᠨᠣᠪᠴᠢᠲᠠᠢ ᠲᠣᠬᠢᠷᠠᠭᠤᠯᠤᠯ ᠡᠵᠡᠮᠳᠡᠯ ᠤᠨ ᠮᠡᠷᠭᠡᠵᠢᠯ ᠢ 321.9 ᠲᠦᠮᠡᠨ ᠮᠦ ᠠᠴᠠ 1396 ᠲᠦᠮᠡᠨ ᠮᠦ ᠳᠤ ᠬᠦᠷᠭᠡᠵᠦ᠂ ᠲᠣᠨ ᠠᠮᠤ ᠶᠢᠨ ᠲᠠᠷᠢᠶᠠᠨ ᠤ ᠳᠠᠯᠠᠪᠠᠢ ᠶᠢ 764 ᠲᠦᠮᠡᠨ ᠮᠦ ᠠᠴᠠ 855 ᠲᠦᠮᠡᠨ ᠮᠦ ᠪᠣᠯᠭᠠᠨ ᠨᠡᠮᠡᠭᠳᠡᠭᠦᠯᠬᠦ ᠪᠠᠷ ᠳᠠᠶᠢᠴᠢᠯᠠᠪᠠ᠃ 6 ᠲᠥᠷᠥᠯ ᠤᠨ ᠲᠠᠷᠢᠮᠠᠯ ᠤᠨ ᠶᠡᠭᠡ ᠲᠠᠯᠠᠪᠠᠶ ᠶᠢᠨ ᠵᠢᠱᠢᠶ᠎ᠡ ᠦᠵᠡᠭᠦᠯᠬᠦ ᠣᠷᠣᠨ ᠤ ᠬᠠᠮᠤᠭ ᠤᠨ ᠥᠨᠳᠥᠷ ᠲᠠᠯᠠᠪᠠᠶ ᠨᠢᠭᠡᠴᠢ ᠶᠢᠨ ᠤᠨᠠᠯᠲᠠ ᠶᠢ ᠡᠭᠦᠳᠪᠡ᠃ ᠢᠯᠠᠩᠭᠤᠶ᠎ᠠ ᠲᠦᠩᠯᠢᠶᠣᠣ ᠬᠤᠲᠠ ᠶᠢᠨ 3 ᠵᠦᠢᠯ ᠤᠨ ᠡᠷᠳᠡᠨᠢ ᠰᠢᠰᠢ ᠶᠢᠨ ᠥᠨᠳᠥᠷ ᠤᠨᠠᠯᠲᠠ ᠨᠢ ᠭᠤᠣᠯ ᠭᠠᠷᠤᠯᠲᠠ ᠶᠢᠨ ᠣᠷᠣᠨ ᠤ ᠪᠥᠬᠦ ᠤᠯᠤᠰ ᠤᠨ ᠲᠡᠮᠳᠡᠭᠯᠡᠯ ᠢ ᠡᠭᠦᠳᠪᠡ᠃ ᠤᠨᠠᠯᠲᠠ ᠶᠢ ᠳᠡᠭᠡᠭᠰᠢᠯᠡᠭᠦᠯᠬᠦ ᠶᠢᠨ ᠬᠠᠮᠲᠤ ᠬᠢᠮᠢ ᠶᠢᠨ ᠪᠣᠷᠳᠣᠭᠤᠷ ᠲᠠᠷᠢᠶᠠᠨ ᠡᠮ ᠢ ᠰᠢᠨᠵᠢᠯᠡᠬᠦ ᠤᠬᠠᠭᠠᠨᠴᠢ ᠪᠠᠷ ᠬᠡᠷᠡᠭᠯᠡᠬᠦ ᠮᠡᠷᠭᠡᠵᠢᠯ ᠢ ᠳᠡᠯᠭᠡᠷᠡᠭᠦᠯᠬᠦ ᠶᠢ ᠨᠡᠩ ᠴᠢᠬᠤᠯᠠᠴᠢᠯᠠᠵᠤ᠂ ᠪᠦᠬᠦ ᠣᠷᠣᠨ ᠤ ᠰᠢᠨ᠎ᠡ ᠮᠠᠶ᠋ᠢᠭ ᠤᠨ ᠪᠣᠷᠳᠣᠭᠤᠷ ᠢ ᠰᠢᠯᠢᠨ ᠰᠣᠩᠭᠤᠵᠤ ᠰᠢᠯᠢᠳᠡᠭ ᠢ ᠲᠠᠨᠢᠯᠴᠠᠭᠤᠯᠬᠤ ᠲᠠᠷᠢᠶᠠᠯᠠᠩ ᠢ ᠳᠡᠮᠵᠢᠬᠦ ᠠᠵᠢᠯᠯᠠᠭ᠎ᠠ ᠶᠢ ᠥᠷᠨᠢᠭᠦᠯᠵᠦ᠂ ᠪᠦᠬᠦ ᠵᠢᠯ ᠳᠤ ᠬᠢᠮᠢ ᠶᠢᠨ ᠪᠣᠷᠳᠣᠭᠤᠷ ᠤᠨ ︽ᠭᠤᠷᠪᠠᠨ ᠰᠢᠨ᠎ᠡ︾ ᠶᠢᠨ ᠮᠡᠷᠭᠡᠵᠢᠯ ᠤᠨ ᠵᠢᠱᠢᠶ᠎ᠡ ᠦᠵᠡᠭᠦᠯᠬᠦ ᠪᠦᠬᠦᠯᠢ ᠪᠠᠶᠢᠭᠤᠯᠤᠮᠵᠢ ᠶᠢᠨ ᠳᠦᠷᠢᠮ ᠢᠶᠠᠷ ᠲᠦᠯᠬᠢᠨ ᠠᠬᠢᠭᠤᠯᠬᠤ 21 ᠰᠢᠶᠠᠨ ᠢ ᠨᠠᠶᠢᠳᠠᠪᠤᠷᠢᠵᠢᠭᠤᠯᠤᠨ᠂ ︽ᠴᠢᠬᠢ ᠦᠵᠡᠵᠦ ᠪᠣᠷᠳᠣᠭᠤᠷ ᠰᠣᠩᠭᠤᠬᠤ︾ 32 ᠰᠢᠶᠠᠨ ᠢ ᠪᠠᠶᠢᠭᠤᠯᠵᠤ᠂ ︽ᠡᠪᠡᠳᠴᠢᠨ ᠳᠤᠨᠢ ᠲᠠᠭᠠᠷᠠᠭᠤᠯᠵᠤ ᠡᠮ ᠰᠣᠩᠭᠤᠬᠤ︾ 15 ᠲᠠᠪᠴᠠᠩ ᠢ ᠪᠠᠶᠢᠭᠤᠯᠵᠤ᠂ 5943 ᠲᠦᠮᠡᠨ ᠮᠦ ᠶᠢ ᠪᠣᠬᠢᠷᠲᠤᠯ ᠦᠭᠡᠢ ᠪᠠᠷ ᠰᠡᠷᠭᠡᠶᠢᠯᠡᠨ ᠡᠵᠡᠮᠳᠡᠵᠦ᠂ 5859 ᠲᠦᠮᠡᠨ ᠮᠦ ᠶᠢ ᠨᠢᠭᠡᠳᠦᠯᠲᠡᠢ ᠰᠡᠷᠭᠡᠶᠢᠯᠡᠨ ᠨᠣᠶᠠᠷᠬᠠᠪᠠ᠃ ᠮᠡᠷᠭᠡᠵᠢᠯ ᠢᠶᠠᠷ ᠴᠢᠩᠭ᠎ᠠ᠃ ᠡᠷᠳᠡᠨᠢ ᠰᠢᠰᠢ᠂ ᠰᠢᠷ᠎ᠠ ᠪᠤᠷᠴᠠᠭ᠂ ᠪᠤᠭᠤᠳᠠᠢ᠂ ᠲᠥᠮᠥᠰᠥ᠂ ᠰᠢᠯᠢᠮᠳᠡᠭ᠂ ᠲᠦᠬᠦᠭᠡᠷᠤᠮᠵᠢᠲᠦ ᠲᠠᠷᠢᠶᠠᠯᠠᠩ ᠪᠠ ᠥᠨᠳᠥᠷ ᠦᠷ᠎ᠡ ᠠᠰᠢᠭᠲᠤ ᠤᠰᠤ ᠠᠷᠪᠢᠯᠠᠬᠤ ᠵᠡᠷᠭᠡ 7 ᠲᠠᠷᠢᠮᠠᠯ ᠤᠨ ᠦᠢᠯᠡᠰ ᠤᠨ ᠬᠦᠷᠢᠶᠡᠨ ᠳᠤ ᠤᠯᠤᠰ ᠤᠨ ᠲᠠᠰ ᠤᠨ ᠠᠺᠠᠳᠧᠮᠢᠴᠢ ᠪᠤᠶᠤ ᠲᠤᠰᠬᠠᠢ ᠮᠡᠷᠭᠡᠵᠢᠯᠲᠡᠨ ᠤ ᠪᠦᠯᠬᠦᠮ ᠢ ᠲᠡᠳᠡᠨ ᠣᠷᠣᠭᠤᠯᠵᠠᠢ᠃ ︽ᠮᠧᠩ ᠺᠧ ᠵᠢᠦᠢ︾ ᠲᠠᠪᠴᠠᠩ ᠨᠢ 28 ᠵᠦᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠵᠦ᠂ 102 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠢ ᠪᠠᠶᠢᠭᠤᠯᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 110︾ ᠦᠢᠯᠡᠴᠢᠯᠡᠭᠡᠨ ᠤ ᠵᠠᠭᠪᠤᠷ ᠢ ᠠᠩᠬ᠎ᠠ ᠡᠭᠦᠳᠪᠡ᠃
2.png
      ︽ᠰᠠᠶᠢᠨ ᠲᠣᠬᠢᠶᠠᠯ︾ ᠢ ᠰᠠᠶᠢᠲᠤᠷ ᠲᠠᠭᠠᠷᠠᠭᠤᠯᠵᠤ᠂ ᠨᠥᠬᠦᠪᠦᠷᠢ ᠶᠢ ᠴᠢᠩᠭᠠᠳᠬᠠᠵᠠᠢ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ 4002 ᠰᠠᠤᠷᠢ ᠥᠨᠳᠥᠷ ᠴᠢᠳᠠᠪᠬᠢᠲᠤ ᠦᠷ᠎ᠡ ᠰᠠᠴᠤᠬᠤ ᠮᠠᠰᠢᠨ᠂ 3868 ᠰᠠᠤᠷᠢ ᠠᠮᠤ ᠪᠤᠳᠠᠭᠠᠨ ᠤ ᠲᠠᠷᠢᠮᠠᠯ ᠬᠤᠷᠢᠶᠠᠬᠤ ᠮᠠᠰᠢᠨ ᠳᠤ ᠭᠤᠣᠯᠳᠠᠯᠭ᠎ᠠ ᠲᠠᠢ ᠪᠠᠷ ᠨᠥᠬᠦᠪᠦᠷᠢ ᠥᠭᠴᠡᠢ᠃ ᠲᠣᠨᠤᠭ ᠲᠥᠬᠦᠭᠡᠷᠦᠮᠵᠢ ᠶᠢ ᠳᠡᠯᠭᠡᠷᠡᠭᠦᠯᠵᠡᠢ᠃ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠶᠢᠨ ᠪᠡᠯᠡ ᠮᠥᠩᠭᠦ ᠶᠢ ᠲᠣᠬᠢᠷᠠᠭᠤᠯᠵᠤ᠂ ︽ᠬᠠᠭᠤᠴᠢᠨ ᠢᠶᠠᠷ ᠰᠢᠨ᠎ᠡ ᠶᠢ ᠰᠣᠯᠢᠵᠤ︾ ᠬᠡᠷᠡᠭᠯᠡᠭᠡᠨ ᠠᠴᠠ ᠭᠠᠷᠭᠠᠭᠰᠠᠨ ᠲᠠᠷᠢᠶᠠᠯᠠᠩ ᠤᠨ ᠮᠠᠰᠢᠨ ᠢ 4968 ᠢᠵᠢ ᠬᠡᠷᠡᠭᠯᠡᠭᠡᠨ ᠠᠴᠠ ᠭᠠᠷᠭᠠᠪᠠ᠃ ᠲᠠᠷᠢᠶᠠᠴᠢᠨ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ᠥᠨᠳᠥᠷ ᠴᠢᠳᠠᠪᠬᠢᠲᠤ ᠦᠷ᠎ᠡ ᠰᠠᠴᠤᠬᠤ ᠮᠠᠰᠢᠨ᠂ ᠳᠣᠬᠢᠭᠤᠷ ᠲᠤᠯᠤᠭᠠᠨ ᠣᠲᠣ ᠠᠶᠠᠯᠠᠯ ᠵᠠᠯᠠᠬᠤ ᠰᠢᠰᠲ᠋ᠧᠮ᠂ ᠡᠷᠳᠡᠨᠢ ᠰᠢᠰᠢ ᠶᠢᠨ ᠦᠷ᠎ᠡ ᠬᠤᠷᠢᠶᠠᠬᠤ ᠬᠠᠮ ᠮᠠᠰᠢᠨ ᠵᠡᠷᠭᠡ ᠥᠨᠳᠥᠷ ᠦᠷ᠎ᠡ ᠠᠰᠢᠭᠲᠤ ᠬᠤᠬᠢᠷᠠᠯ ᠢ ᠪᠠᠭᠠᠰᠬᠠᠬᠤ ᠮᠠᠰᠢᠨ ᠬᠤᠳᠠᠯᠳᠤᠨ ᠠᠪᠤᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠤ ᠲᠠᠩ ᠳᠣᠬᠢᠭᠤᠷ ᠲᠤᠯᠤᠭᠠᠨ ᠣᠲᠣ ᠲᠥᠬᠦᠭᠡᠷᠦᠮᠵᠢ ᠶᠢ 1383 ᠢᠵᠢ ︵ᠵᠢᠶᠠᠰᠠ︶ ᠰᠢᠨ᠎ᠡ ᠪᠠᠷ ᠨᠡᠮᠡᠭᠳᠡᠭᠦᠯᠦᠨ᠂ ᠦᠭᠡᠢ ᠪᠠᠶᠢᠭᠰᠠᠨ ᠠᠴᠠ ᠣᠯᠠᠨ ᠪᠣᠯᠭᠠᠬᠤ ᠶᠢ ᠪᠡᠶᠡᠯᠡᠭᠦᠯᠵᠦ᠂ ᠣᠳᠣᠬᠠᠨ ᠳᠤ ᠪᠥᠬᠦ ᠣᠷᠣᠨ ᠤ ᠥᠨᠳᠥᠷ ᠴᠢᠳᠠᠪᠬᠢᠲᠤ ᠦᠷ᠎ᠡ ᠰᠠᠴᠤᠬᠤ ᠮᠠᠰᠢᠨ ᠢ 8.6 ᠲᠦᠮᠡ ᠪᠠᠲᠤᠯᠠᠵᠤ᠂ ᠳᠣᠬᠢᠭᠤᠷ ᠲᠤᠯᠤᠭᠠᠨ ᠣᠲᠣ ᠠᠶᠠᠯᠠᠯ ᠵᠠᠯᠠᠬᠤ ᠬᠠᠪᠰᠤᠷᠤᠨ ᠵᠢᠯᠤᠭᠤᠳᠬᠤ ᠰᠢᠰᠲ᠋ᠧᠮ ᠢ 3.2 ᠲᠦᠮᠡ ᠭᠠᠷᠤᠢ ᠳᠡᠯᠭᠡᠷᠡᠭᠦᠯᠦᠨ ᠬᠡᠷᠡᠭᠯᠡᠵᠦ᠂ ᠨᠠᠷᠢᠯᠢᠭ ᠣᠨᠣᠴᠠᠲᠠᠢ ᠪᠠᠷ ᠳᠠᠷᠢᠬᠤ ᠲᠠᠯᠠᠪᠠᠶ ᠶᠢ 3100 ᠲᠦᠮᠡᠨ ᠮᠦ ᠠᠴᠠ ᠳᠠᠪᠠᠭᠤᠯᠬᠤ ᠶᠢ ᠪᠡᠶᠡᠯᠡᠭᠦᠯᠪᠡ᠃ ᠬᠤᠬᠢᠷᠠᠯ ᠢ ᠪᠠᠭᠠᠰᠬᠠᠵᠠᠢ᠃ ᠤᠷᠭᠤᠮᠠᠯ ᠤᠨ ᠬᠠᠮᠠᠭᠠᠯᠠᠯᠲᠠ ᠶᠢᠨ ᠵᠢᠯᠣᠭᠤᠴᠢ ᠦᠭᠡᠢ ᠠᠭᠠᠷ ᠤᠨ ᠨᠢᠰᠦᠭᠦᠷ ᠢ ᠪᠠᠷᠤᠭ 8992 ᠳᠡᠯᠭᠡᠷᠡᠭᠦᠯᠵᠦ᠂ ᠡᠷᠳᠡᠨᠢ ᠰᠢᠰᠢ ᠶᠢᠨ ᠦᠷ᠎ᠡ ᠬᠤᠷᠢᠶᠠᠬᠤ ᠬᠠᠮ ᠮᠠᠰᠢᠨ ᠤ ᠬᠠᠳᠠᠭᠠᠯᠠᠯᠲᠠ ᠶᠢᠨ ᠬᠡᠮᠵᠢᠶ᠎ᠡ 1654 ᠪᠠᠶᠢᠵᠤ᠂ ᠬᠡᠷᠡᠭᠯᠡᠵᠦ ᠪᠠᠶᠢᠭ᠎ᠠ ᠬᠠᠲᠠᠭᠠᠬᠤ ᠮᠠᠰᠢᠨ ᠤ ᠲᠤᠭ᠎ᠠ 1082 ᠶᠢ ᠳᠠᠪᠠᠵᠤ᠂ ᠵᠢᠱᠢᠯᠲᠡ ᠪᠠᠷ ᠪᠥᠬᠦ ᠵᠢᠯ ᠳᠤ 8 ᠳ᠋ᠦᠩᠰᠢᠭᠤᠷ ᠵᠢᠩ ᠣᠷᠴᠢᠮ ᠠᠮᠤ ᠪᠤᠳᠠᠭ᠎ᠠ ᠶᠢ ᠮᠠᠰᠢᠨ ᠢᠶᠠᠷ ᠬᠤᠷᠢᠶᠠᠵᠤ ᠬᠤᠷᠣᠭᠳᠠᠭᠤᠯᠬᠤ ᠪᠠᠷ ᠵᠢᠱᠢᠵᠦ ᠪᠣᠶ᠃ ᠲᠠᠷᠢᠮᠠᠯ ᠤᠨ ᠮᠠᠰᠢᠨᠴᠢᠯᠠᠯᠲᠠ ᠶᠢᠨ ᠨᠣᠷᠮ᠎ᠠ 9 ᠬᠤᠪᠢ ᠳᠤ ᠬᠦᠷᠴᠦ᠂ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠠᠪᠠᠪᠠ᠃      ︽ᠰᠠᠶᠢᠨ ᠳᠦᠷᠢᠮ︾ ᠢ ᠰᠠᠶᠢᠲᠤᠷ ᠬᠡᠷᠡᠭᠯᠡᠵᠡᠢ᠃ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠬᠦ ᠡᠨᠡ ᠵᠢᠯ ᠤᠯᠤᠰ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠪᠡᠯᠡ ᠮᠥᠩᠭᠦ ᠶᠢ 181.6 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠤᠨ ᠠᠮᠤ ᠪᠤᠳᠠᠭᠠᠨ ᠤ ᠦᠢᠯᠡᠳᠪᠦᠷᠢᠯᠡᠯ ᠳᠤ ᠬᠡᠷᠡᠭᠯᠡᠵᠦ᠂ 310.5 ᠳ᠋ᠦᠩᠰᠢᠭᠤᠷ ᠲᠥᠭᠦᠷᠢᠭ ᠣᠷᠣᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠵᠡᠷᠭᠡ ᠭᠤᠣᠯᠳᠠᠯᠭ᠎ᠠ ᠲᠠᠢ ᠵᠦᠢᠯᠡᠰ ᠢ ᠬᠡᠷᠡᠭᠵᠢᠭᠦᠯᠪᠡ᠃ ᠡᠭᠦᠨ ᠤ ᠬᠠᠮᠲᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ 27.64 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ ᠠᠮᠤ ᠪᠤᠳᠠᠭᠠᠨ ᠤ ᠲᠠᠷᠢᠮᠠᠯ ᠤᠨ ᠪᠥᠬᠦ ᠥᠪᠡᠷ ᠤᠨ ᠥᠷᠲᠡᠭ ᠤᠨ ᠭᠤᠷᠪᠠᠨ ᠶᠡᠭᠡ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠵᠠᠷᠤᠳᠠᠯ ᠤᠨ ᠨᠥᠬᠦᠪᠦᠷᠢ ᠶᠢ ᠬᠡᠷᠡᠭᠵᠢᠭᠦᠯᠬᠦ ᠳᠤ ᠲᠤᠰᠬᠠᠢ ᠬᠡᠷᠡᠭᠯᠡᠵᠦ᠂ ᠠᠮᠤ ᠪᠤᠳᠠᠭ᠎ᠠ ᠳᠠᠷᠢᠬᠤ 92 ᠬᠤᠰᠢᠭᠤ ᠰᠢᠶᠠᠨ ᠢ ᠬᠠᠮᠤᠷᠪᠠ᠃ ᠨᠡᠶᠢᠭᠡᠮᠴᠢᠯᠡᠭᠰᠡᠨ ᠦᠢᠯᠡᠴᠢᠯᠡᠭᠡ ᠶᠢ ᠶᠡᠬᠡᠪᠡᠷ ᠲᠦᠯᠬᠢᠨ ᠠᠬᠢᠭᠤᠯᠵᠠᠢ᠃ ᠦᠢᠯᠡᠴᠢᠯᠡᠭᠡᠨ ᠢᠶᠠᠷ ᠳᠠᠶᠢᠴᠢᠯᠠᠬᠤ ᠬᠡᠯᠪᠡᠷᠢ ᠶᠢᠨ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ᠂ ᠪᠥᠬᠦ ᠵᠢᠯ ᠳᠤ ︽ᠨᠢᠭᠡᠳᠦᠯᠲᠡᠢ ᠳᠠᠷᠢᠵᠤ ︵ᠲᠡᠵᠢᠭᠡᠬᠦ︶ ᠬᠠᠮᠲᠤᠪᠠᠷ ᠪᠠᠶᠠᠵᠢᠬᠤ︾ ᠵᠠᠭᠪᠤᠷ ᠢ ᠬᠡᠷᠡᠭᠵᠢᠭᠦᠯᠦᠭᠰᠡᠨ ᠭᠠᠴᠠᠭ᠎ᠠ ᠲᠣᠰᠬᠤᠨ 201 ᠳᠤ ᠬᠦᠷᠴᠦ᠂ ᠨᠡᠶᠢᠭᠡᠮᠴᠢᠯᠡᠭᠰᠡᠨ ᠦᠢᠯᠡᠴᠢᠯᠡᠭᠡᠨ ᠤ ᠣᠷᠣᠨ ᠨᠤᠲᠤᠭ ᠤᠨ ᠪᠠᠷᠢᠮᠵᠢᠶ᠎ᠠ ᠶᠢ 10 ᠨᠡᠶᠢᠲᠡᠯᠡᠵᠦ᠂ ᠪᠥᠬᠦ ᠵᠢᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ ᠶᠢ 3500 ᠲᠦᠮᠡᠨ ᠮᠦ ᠳᠤ ᠬᠦᠷᠦᠭᠦᠯᠵᠦ᠂ ᠨᠢᠳᠤᠨᠤᠨ ᠤ ᠬᠢ ᠠᠴᠠ 700 ᠲᠦᠮᠡᠨ ᠮᠦ ᠨᠡᠮᠡᠭᠳᠡᠭᠦᠯᠵᠡᠢ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号