ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ 2 ᠡᠭᠦᠯᠳᠡᠷ ᠪᠠ 1 ᠲᠥᠷᠥᠯ ᠤᠨ ᠮᠡᠷᠭᠡᠵᠢᠯ 2025 ᠣᠨ ᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠡᠭᠦᠯᠳᠡᠷ ᠪᠠ ᠭᠤᠣᠯ ᠳᠡᠯᠭᠡᠷᠡᠭᠦᠯᠬᠦ ᠮᠡᠷᠭᠡᠵᠢᠯ  ᠢᠶᠠᠷ ᠰᠤᠩᠭᠤᠭᠳᠠᠪᠠ
ᠨᠡᠶᠢᠲᠡᠯᠡᠭᠰᠡᠨ ᠴᠠᠭ᠄
2024/12/16
      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠨᠳᠥᠷ ᠤᠨᠠᠯᠲᠠ ᠲᠠᠢ ᠴᠢᠨᠠᠷ ᠰᠠᠶᠢᠲᠠᠢ ᠡᠭᠦᠯᠳᠡᠷ ᠪᠣᠯᠣᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ 2025 ᠣᠨ ᠤ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠡᠭᠦᠯᠳᠡᠷ ᠪᠠ ᠭᠤᠣᠯ ᠳᠡᠯᠭᠡᠷᠡᠭᠦᠯᠬᠦ ᠮᠡᠷᠭᠡᠵᠢᠯ ᠢ ᠲᠠᠨᠢᠯᠴᠠᠭᠤᠯᠤᠨ ᠨᠡᠶᠢᠲᠡᠯᠡᠵᠤ᠂ ᠪᠤᠭᠤᠲᠤ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ 2 ᠡᠭᠦᠯᠳᠡᠷ ᠪᠣᠯᠣᠨ 1 ᠲᠦᠷᠦᠯ ᠤᠨ ᠮᠡᠷᠭᠡᠵᠢᠯ  ᠨᠢ ᠰᠤᠩᠭᠤᠭᠳᠠᠪᠠ᠂ ᠰᠤᠩᠭᠤᠭᠳᠠᠭᠰᠠᠨ ᠭᠤᠣᠯᠯᠠᠬᠤ ᠡᠭᠦᠯᠳᠡᠷ  ᠨᠢ ᠵᠢᠮᠢᠰ ᠤᠨ ᠮᠣᠳᠣ ᠶᠢ ᠰᠤᠳᠤᠯᠤᠨ ᠳᠡᠯᠭᠡᠷᠡᠭᠦᠯᠬᠦ ᠲᠥᠪ ᠠᠴᠠ ᠲᠠᠨᠢᠯᠴᠠᠭᠤᠯᠤᠭᠰᠠᠨ ᠭᠦᠵᠡᠯᠵᠡᠭᠡᠨ᠎ᠡ ᠶᠢᠨ ᠡᠭᠦᠯᠳᠡᠷ ︽ᠪᠣᠣ ᠵᠦ︾ ᠪᠣᠯᠣᠨ ᠦᠷ᠎ᠡ ᠶᠢᠨ ᠦᠢᠯᠡᠰ ᠤᠨ ᠬᠥᠭᠵᠢᠯᠲᠡ ᠶᠢᠨ ᠲᠥᠪ ᠠᠴᠠ ᠲᠠᠨᠢᠯᠴᠠᠭᠤᠯᠤᠭᠰᠠᠨ ᠡᠷᠳᠡᠨᠢ ᠰᠢᠰᠢ ᠶᠢᠨ ᠡᠭᠦᠯᠳᠡᠷ ︽ᠰᠢᠶᠠᠨ ᠢᠦᠢ 1483︾ ᠪᠠᠶᠢᠵᠤ᠂ ᠭᠤᠣᠯ ᠳᠡᠯᠭᠡᠷᠡᠭᠦᠯᠬᠦ ᠮᠡᠷᠭᠡᠵᠢᠯ ᠨᠢ ᠣᠨᠴᠠᠯᠢᠭᠲᠤ ᠲᠠᠷᠢᠮᠠᠯ ᠤᠨ ᠰᠤᠳᠤᠯᠭᠠᠨ ᠤ ᠲᠠᠰᠤᠭ ᠠᠴᠠ ᠲᠠᠨᠢᠯᠴᠠᠭᠤᠯᠤᠭᠰᠠᠨ ︽ᠥᠷᠭᠡᠨ ᠪᠦᠷᠬᠦᠪᠴᠢᠳᠤ ᠭᠤᠤ ᠪᠠᠷ ᠲᠠᠷᠢᠬᠤ ᠮᠡᠷᠭᠡᠵᠢᠯ︾ ᠪᠣᠯᠣᠨ᠎ᠠ᠃ 
图片1.png
 
图片2.png
 
图片3.png
      ᠲᠠᠷᠢᠶᠠᠯᠠᠩ ᠤᠨ ᠭᠤᠣᠯᠯᠠᠬᠤ ᠡᠭᠦᠯᠳᠡᠷ ᠪᠠ ᠭᠤᠣᠯ ᠳᠡᠯᠭᠡᠷᠡᠭᠦᠯᠬᠦ ᠮᠡᠷᠭᠡᠵᠢᠯ ᠭᠡᠳᠡᠭ  ᠨᠢ ᠲᠠᠷᠢᠶᠠᠯᠠᠩ ᠤᠨ ᠦᠢᠯᠡᠳᠪᠦᠷᠢᠯᠡᠯ ᠤᠨ ᠳᠤᠮᠳᠠ ᠨᠡᠯᠢᠶᠡᠳ ᠥᠨᠳᠥᠷ ᠤᠨᠠᠯᠲᠠ ᠲᠠᠢ᠂ ᠡᠪᠡᠳᠴᠢᠨ ᠢ ᠡᠰᠡᠷᠭᠦᠴᠡᠬᠦ ᠴᠢᠨᠠᠷᠲᠠᠢ᠂ ᠵᠣᠬᠢᠴᠠᠬᠤ ᠴᠢᠨᠠᠷ ᠵᠡᠷᠭᠡ ᠳᠠᠪᠠᠭᠤᠯᠢᠭ ᠲᠠᠯ᠎ᠠ ᠲᠠᠢ ᠲᠠᠷᠢᠮᠠᠯ ᠤᠨ ᠡᠭᠦᠯᠳᠡᠷ ᠪᠠ ᠲᠠᠷᠢᠶᠠᠯᠠᠩ ᠤᠨ ᠮᠡᠷᠭᠡᠵᠢᠯ ᠢ ᠵᠢᠭᠠᠵᠤ ᠪᠠᠶᠢᠨ᠎ᠠ᠃ ᠲᠣᠬᠢᠷᠠᠮᠵᠢᠲᠠᠢ ᠭᠠᠵᠠᠷ ᠣᠷᠣᠨ ᠤ ᠭᠤᠣᠯᠯᠠᠬᠤ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠳᠤ ᠶᠠᠰᠤ ᠴᠢᠨᠠᠷ ᠢ ᠳᠡᠭᠡᠭᠰᠢᠯᠡᠭᠦᠯᠦᠨ ᠤᠨᠠᠯᠲᠠ ᠶᠢ ᠨᠡᠮᠡᠭᠳᠡᠭᠦᠯᠬᠦ᠂ ᠦᠷ᠎ᠡ ᠠᠰᠢᠭ ᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠴᠢᠨ ᠡᠷᠦᠭᠡ ᠶᠢ ᠳᠠᠶᠢᠴᠢᠯᠠᠬᠤ ᠵᠡᠷᠭᠡ ᠲᠠᠯ᠎ᠠ ᠪᠠᠷ ᠨᠡᠯᠢᠶᠡᠳ ᠰᠠᠶᠢᠨ ᠨᠡᠶᠢᠭᠡᠮ᠂ ᠠᠮᠢ ᠠᠬᠤᠢ ᠪᠠ ᠠᠵᠤ ᠠᠬᠤᠢ ᠶᠢᠨ ᠦᠷ᠎ᠡ ᠠᠰᠢᠭ ᠲᠠᠢ ᠪᠣᠯᠣᠨ᠎ᠠ᠂ ᠭᠡᠬᠦ ᠳᠡᠭᠡᠨ ᠲᠤᠷᠰᠢᠯᠲᠠ ᠬᠢᠬᠦ᠂ ᠵᠢᠱᠢᠶ᠎ᠡ ᠦᠵᠡᠭᠦᠯᠬᠦ ᠪᠠᠷ ᠲᠠᠮᠵᠢᠨ ᠪᠣᠯᠪᠠᠰᠤᠷᠠᠩᠭᠤᠢ ᠪᠣᠯᠤᠭᠰᠠᠨ ᠭᠤᠣᠯ ᠳᠡᠯᠭᠡᠷᠡᠭᠦᠯᠬᠦ ᠮᠡᠷᠭᠡᠵᠢᠯ ᠨᠢ ᠨᠡᠯᠢᠶᠡᠳ ᠴᠢᠩᠭ᠎ᠠ ᠬᠡᠷᠡᠭᠯᠡᠭᠡᠨ ᠤ ᠴᠢᠨᠠᠷᠲᠠᠢ᠂ ᠨᠡᠯᠢᠶᠡᠳ ᠥᠨᠳᠥᠷ ᠠᠵᠤ ᠠᠬᠤᠢ ᠶᠢᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠲᠠᠢ ᠪᠥᠭᠡᠳ ᠵᠣᠬᠢᠬᠤ ᠬᠡᠮᠵᠢᠶᠡᠨ ᠤ ᠳᠡᠯᠭᠡᠷᠡᠭᠦᠯᠦᠨ ᠬᠡᠷᠡᠭᠯᠡᠬᠦ ᠬᠡᠪᠴᠢᠶ᠎ᠡ ᠲᠠᠢ ᠪᠠᠶᠢᠳᠠᠭ᠃      ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠣᠯᠠᠨ ᠴᠢᠭ ᠣᠯᠠᠨ ᠵᠢᠯ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠨᠠᠩ ᠣᠯᠠᠨ ᠨᠠᠩ ᠰᠠᠶᠢᠨ ᠲᠠᠷᠢᠮᠠᠯ ᠤᠨ ᠰᠢᠨ᠎ᠡ ᠡᠭᠦᠯᠳᠡᠷ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠳᠡᠯᠭᠡᠷᠡᠭᠦᠯᠵᠦ᠂ ᠪᠣᠶᠢᠵᠢᠭᠤᠯᠵᠤ᠂ ᠨᠠᠩ ᠲᠡᠷᠢᠭᠦᠨ ᠤ ᠪᠥᠭᠡᠳ ᠬᠡᠷᠡᠭᠯᠡᠬᠦ ᠳᠤ ᠲᠣᠬᠢᠷᠠᠮᠵᠢᠲᠠᠢ ᠲᠠᠷᠢᠶᠠᠯᠠᠩ ᠤᠨ ᠰᠢᠨ᠎ᠡ ᠮᠡᠷᠭᠡᠵᠢᠯ ᠢ ᠳ᠋ᠦᠩᠨᠡᠨ ᠪᠣᠯᠪᠠᠰᠤᠷᠠᠭᠤᠯᠬᠤ ᠪᠣᠯᠣᠨ᠎ᠠ᠃
 
ᠢᠷᠡᠯᠲᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号