ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ
ᠨᠡᠶᠢᠲᠡᠯᠡᠭᠰᠡᠨ ᠴᠠᠭ᠄
2024/12/16
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ 2024 ᠣᠨ ᠤ 12 ᠰᠠᠷ᠎ᠠ ᠶᠢᠨ 16 ᠤ ᠡᠳᠦᠷ ᠤᠨ 15 ᠴᠠᠭ 00 ᠮᠢᠨᠦ᠋ᠲ ᠲᠤ ᠬᠠᠮᠲᠤᠷᠠᠨ ᠲᠥᠬᠦᠭᠡᠷᠦᠮᠵᠢᠲᠦ ᠲᠠᠷᠢᠶᠠᠯᠠᠩ ᠤᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠤᠷᠢᠳᠴᠢᠯᠠᠭᠰᠠᠨ ᠮᠡᠳᠡᠭᠡ ᠶᠢ ᠮᠡᠳᠡᠭᠡᠯᠡᠪᠡ᠃      12 ᠰᠠᠷ᠎ᠠ ᠶᠢᠨ 18 ᠤ ᠰᠥᠨᠢ ᠠᠴᠠ 20 ᠤ ᠡᠳᠦᠷ ᠪᠣᠯᠲᠠᠯ᠎ᠠ᠂ ᠬᠦᠢᠲᠡᠨ ᠠᠭᠤᠷ ᠠᠮᠢᠰᠬᠤᠯ ᠤᠨ ᠨᠥᠯᠥᠭᠡ ᠪᠠᠷ᠂ ᠮᠠᠨ ᠤ ᠣᠷᠣᠨ ᠤ ᠪᠠᠷᠠᠭᠤᠨ ᠬᠡᠰᠡᠭ ᠤᠨ ᠵᠡᠭᠦᠨ ᠪᠡᠶ᠎ᠡ ᠠᠴᠠ ᠵᠡᠭᠦᠨ ᠬᠡᠰᠡᠭ ᠤᠨ ᠪᠠᠷᠠᠭᠤᠨ ᠪᠡᠶ᠎ᠡ ᠶᠢᠨ ᠭᠠᠵᠠᠷ ᠣᠷᠣᠨ ᠳᠤ ᠪᠠᠭ᠎ᠠ ᠴᠠᠰᠤ ᠣᠷᠣᠵᠤ᠂ ᠬᠡᠰᠡᠭ ᠭᠠᠵᠠᠷ ᠲᠤ ᠳᠤᠮᠳᠠ ᠵᠡᠷᠭᠡ ᠶᠢᠨ ᠴᠠᠰᠤ ᠣᠷᠣᠨ᠎ᠠ︔ ᠳᠡᠭᠡᠷ᠎ᠡ ᠳᠤᠷᠠᠳᠤᠭᠰᠠᠨ ᠭᠠᠵᠠᠷ ᠣᠷᠣᠨ ᠤ ᠠᠭᠠᠷ ᠤᠨ ᠳᠤᠯᠠᠭᠠᠨ 6~10℃ ᠳᠣᠷᠣᠭᠰᠢᠯᠠᠵᠤ᠂ ᠬᠡᠰᠡᠭ ᠭᠠᠵᠠᠷ ᠤᠨ ᠠᠭᠠᠷ ᠤᠨ ᠳᠤᠯᠠᠭᠠᠨ 10℃ ᠠᠴᠠ ᠳᠡᠭᠡᠭᠰᠢ ᠳᠣᠷᠣᠭᠰᠢᠯᠠᠨ᠎ᠠ︔ ᠴᠠᠰᠤ ᠣᠷᠣᠭᠰᠠᠨ ᠤ ᠳᠠᠷᠠᠭ᠎ᠠ ᠰᠠᠯᠬᠢᠨ ᠤ ᠬᠦᠴᠦ ᠨᠡᠯᠢᠶᠡᠳ ᠶᠡᠭᠡ᠃      ᠣᠶᠤᠨᠲᠤ ᠰᠦᠯᠵᠢᠶᠡᠨ ᠤ ᠤᠷᠢᠳᠴᠢᠯᠠᠨ ᠮᠡᠳᠡᠭᠡᠯᠡᠭᠰᠡᠨ ᠲᠤᠭ᠎ᠠ ᠪᠠᠷᠢᠮᠲᠠ ᠶᠢ ᠦᠨᠳᠦᠰᠦᠯᠡᠵᠦ᠂ ᠲᠥᠬᠦᠭᠡᠷᠦᠮᠵᠢᠲᠦ ᠲᠠᠷᠢᠶᠠᠯᠠᠩ ᠤᠨ ᠬᠦᠢᠲᠡᠨ ᠤ ᠭᠠᠮᠰᠢᠭ᠂ ᠰᠠᠯᠬᠢᠨ ᠤ ᠭᠠᠮᠰᠢᠭ ᠤᠨ ᠭᠦᠢᠴᠡᠳᠬᠡᠯ ᠲᠤᠭ᠎ᠠ ᠲᠠᠢ ᠤᠶᠠᠯᠳᠤᠭᠤᠯᠪᠠᠯ᠂ 12 ᠰᠠᠷ᠎ᠠ ᠶᠢᠨ 18 ᠤ ᠡᠳᠦᠷ᠂ ᠪᠥᠬᠦ ᠣᠷᠣᠨ ᠤ ᠵᠡᠭᠦᠨ ᠬᠡᠰᠡᠭ ᠤᠨ ᠬᠡᠰᠡᠭ ᠭᠠᠵᠠᠷ ᠣᠷᠣᠨ᠂ ᠳᠤᠮᠳᠠ ᠬᠡᠰᠡᠭ ᠤᠨ ᠵᠡᠭᠦᠨ ᠪᠡᠶ᠎ᠡ ᠶᠢᠨ ᠬᠡᠰᠡᠭ ᠭᠠᠵᠠᠷ ᠣᠷᠣᠨ ᠵᠢᠴᠢ ᠡᠮᠦᠨ᠎ᠡ ᠪᠡᠶ᠎ᠡ ᠶᠢᠨ ᠶᠡᠬᠡᠩᠬᠢ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠬᠦᠢᠲᠡᠨ ᠤ ᠭᠠᠮᠰᠢᠭ ᠤᠨ ᠳᠣᠣᠷ᠎ᠠ ᠪᠤᠶᠤ ᠳᠤᠮᠳᠠ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ᠂ ᠬᠥᠯᠥᠨ ᠪᠤᠶᠢᠷ ᠬᠤᠲᠠ ᠶᠢᠨ ᠪᠠᠷᠠᠭᠤᠨ ᠪᠡᠶ᠎ᠡ ᠶᠢᠨ ᠬᠡᠰᠡᠭ ᠭᠠᠵᠠᠷ ᠣᠷᠣᠨ᠂ ᠰᠢᠯᠢ ᠶᠢᠨ ᠭᠤᠣᠯ ᠠᠶᠢᠮᠠᠭ ᠤᠨ ᠵᠡᠭᠦᠨ ᠪᠡᠶ᠎ᠡ ᠶᠢᠨ ᠬᠡᠰᠡᠭ ᠭᠠᠵᠠᠷ ᠣᠷᠣᠨ᠂ ᠤᠯᠠᠭᠠᠨᠴᠠᠪ ᠬᠤᠲᠠ ᠶᠢᠨ ᠳᠤᠮᠳᠠ ᠵᠡᠭᠦᠨ ᠪᠡᠶ᠎ᠡ ᠵᠢᠴᠢ ᠬᠥᠬᠡᠬᠤᠲᠠ ᠶᠢᠨ ᠬᠤᠶᠢᠲᠤ ᠪᠡᠶ᠎ᠡ ᠶᠢᠨ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠬᠦᠢᠲᠡᠨ ᠤ ᠭᠠᠮᠰᠢᠭ ᠤᠨ ᠥᠨᠳᠥᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ︔ 12 ᠰᠠᠷ᠎ᠠ ᠶᠢᠨ 19 ᠠᠴᠠ 20 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠵᠡᠭᠦᠨ ᠪᠡᠶ᠎ᠡ ᠶᠢᠨ ᠬᠡᠰᠡᠭ ᠭᠠᠵᠠᠷ ᠣᠷᠣᠨ᠂ ᠬᠢᠩᠭᠠᠨ ᠠᠶᠢᠮᠠᠭ ᠤᠨ ᠬᠤᠶᠢᠲᠤ ᠪᠡᠶ᠎ᠡ ᠶᠢᠨ ᠬᠡᠰᠡᠭ ᠭᠠᠵᠠᠷ ᠣᠷᠣᠨ᠂ ᠤᠯᠠᠭᠠᠨᠬᠠᠳᠠ ᠬᠤᠲᠠ ᠶᠢᠨ ᠪᠠᠷᠠᠭᠤᠨ ᠪᠡᠶ᠎ᠡ ᠶᠢᠨ ᠬᠡᠰᠡᠭ ᠭᠠᠵᠠᠷ ᠣᠷᠣᠨ᠂ ᠪᠤᠭᠤᠲᠤ ᠬᠤᠲᠠ ᠶᠢᠨ ᠡᠮᠦᠨ᠎ᠡ ᠪᠡᠶ᠎ᠡ ᠪᠠ ᠪᠥᠬᠦ ᠣᠷᠣᠨ ᠤ ᠪᠠᠷᠠᠭᠤᠨ ᠪᠡᠶ᠎ᠡ ᠶᠢᠨ ᠵᠡᠭᠦᠨᠲᠡᠢ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠬᠦᠢᠲᠡᠨ ᠤ ᠭᠠᠮᠰᠢᠭ ᠤᠨ ᠳᠣᠣᠷ᠎ᠠ ᠲᠦᠭᠰᠢᠭᠦᠷᠢᠲᠡᠢ ᠭᠠᠵᠠᠷ ᠣᠷᠣᠨ ᠪᠣᠯᠣᠨ᠎ᠠ᠃ ᠬᠥᠯᠥᠨ ᠪᠤᠶᠢᠷ ᠬᠤᠲᠠ ᠶᠢᠨ ᠪᠠᠷᠠᠭᠤᠨᠳᠡᠬᠢ ᠪᠠ ᠵᠡᠭᠦᠨᠳᠡᠬᠢ ᠬᠡᠰᠡᠭ ᠭᠠᠵᠠᠷ ᠣᠷᠣᠨ᠂ ᠪᠥᠬᠦ ᠣᠷᠣᠨ ᠤ ᠡᠮᠦᠨᠡᠲᠦ ᠬᠡᠰᠡᠭ ᠤᠨ ᠶᠡᠬᠡᠩᠬᠢ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠬᠦᠢᠲᠡᠨ ᠤ ᠭᠠᠮᠰᠢᠭ ᠤᠨ ᠳᠤᠮᠳᠠ ᠪᠤᠶᠤ ᠥᠨᠳᠥᠷ ᠵᠡᠷᠭᠡ ᠶᠢᠨ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 1︱3︶᠃ ᠬᠦᠢᠲᠡᠨ ᠤ ᠭᠠᠮᠰᠢᠭ ᠨᠢ ᠲᠠᠷᠢᠮᠠᠯ ᠤᠨ ᠤᠷᠭᠤᠯᠲᠠ ᠶᠢ ᠤᠳᠠᠭᠠᠰᠢᠷᠠᠭᠤᠯᠵᠤ ᠬᠥᠯᠳᠡᠭᠡᠨ᠎ᠡ᠃ 12 ᠰᠠᠷ᠎ᠠ ᠶᠢᠨ 18 ᠤ ᠡᠳᠦᠷ ᠵᠢᠴᠢ 20 ᠤ ᠡᠳᠦᠷ᠂ ᠤᠯᠠᠭᠠᠨᠴᠠᠪ ᠬᠤᠲᠠ ᠶᠢᠨ ᠡᠮᠦᠨᠡᠭᠦᠷᠬᠢ᠂ ᠣᠷᠳᠣᠰ ᠬᠤᠲᠠ ᠶᠢᠨ ᠵᠡᠭᠦᠨᠲᠡᠢ ᠬᠡᠰᠡᠭ ᠭᠠᠵᠠᠷ ᠣᠷᠣᠨ ᠪᠣᠯ ᠲᠥᠬᠦᠭᠡᠷᠦᠮᠵᠢᠲᠦ ᠲᠠᠷᠢᠶᠠᠯᠠᠩ ᠤᠨ ᠰᠠᠯᠬᠢᠨ ᠤ ᠭᠠᠮᠰᠢᠭ ᠤᠨ  ᠳᠣᠣᠷ᠎ᠠ ᠲᠦᠭᠰᠢᠭᠦᠷᠢᠲᠡᠢ ᠭᠠᠵᠠᠷ ᠣᠷᠣᠨ ᠪᠣᠯᠣᠨ᠎ᠠ ︵ᠵᠢᠷᠤᠭ 4︱5︶᠃ ᠰᠠᠯᠬᠢᠨ ᠤ ᠭᠠᠮᠰᠢᠭ ᠠᠴᠠ ᠪᠣᠯᠵᠤ ᠬᠦᠯᠡᠮᠵᠢ ᠶᠢᠨ ᠪᠦᠲᠦᠴᠡ ᠠᠮᠠᠷᠬᠠᠨ ᠡᠪᠳᠡᠭᠳᠡᠨ᠎ᠡ᠃      ᠰᠡᠷᠭᠡᠶᠢᠯᠡᠬᠦ ᠠᠷᠭ᠎ᠠ ᠪᠣᠳᠣᠯᠭ᠎ᠠ᠄ ᠲᠠᠷᠢᠶᠠᠨ ᠭᠠᠵᠠᠷ ᠤᠨ ᠲᠥᠬᠦᠭᠡᠷᠦᠮᠵᠢᠲᠦ ᠲᠠᠷᠢᠮᠠᠯ ᠤᠨ ᠦᠢᠯᠡᠳᠪᠦᠷᠢᠯᠡᠯ ᠤᠨ ᠬᠥᠯᠳᠡᠬᠦ ᠠᠴᠠ ᠰᠡᠷᠭᠡᠶᠢᠯᠡᠬᠦ ᠰᠠᠯᠬᠢ ᠶᠢ ᠰᠡᠷᠭᠡᠶᠢᠯᠡᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠰᠠᠷᠠᠪᠴᠢ ᠶᠢᠨ ᠪᠦᠷᠬᠦᠭᠦᠯ᠂ ᠳᠤᠯᠠᠭᠠᠨ ᠬᠠᠳᠠᠭᠠᠯᠠᠬᠤ ᠪᠦᠲᠡᠭᠡᠯᠭᠡ ︵ᠬᠥᠰᠢᠭᠡ︶ ᠶᠢ ᠪᠠᠶᠢᠴᠠᠭᠠᠵᠤ᠂ ᠡᠪᠳᠡᠷᠡᠵᠦ ᠰᠦᠢᠳᠦᠭᠰᠡᠨ ᠰᠠᠷᠠᠪᠴᠢ ᠶᠢᠨ ᠪᠦᠷᠬᠦᠭᠦᠯ ᠢ ᠴᠠᠭ ᠲᠤᠬᠠᠢ ᠳᠤᠨᠢ ᠰᠡᠯᠪᠢᠨ ᠵᠠᠰᠠᠵᠤ᠂ ᠰᠠᠷᠠᠪᠴᠢ ᠶᠢᠨ ᠵᠢᠶᠠᠰᠠ ᠶᠢ ᠪᠥᠬᠦ ᠲᠠᠯ᠎ᠠ ᠪᠠᠷ ᠪᠠᠶᠢᠴᠠᠭᠠᠵᠤ᠂ ᠳᠠᠷᠤᠴᠠ ᠶᠢᠨ ᠪᠦᠷᠬᠦᠭᠦᠯ ᠤᠨ ᠱᠤᠭᠤᠮ ᠢ ᠪᠠᠬᠢᠯᠡᠨ᠂ ᠳᠤᠯᠠᠭᠠᠨ ᠬᠠᠳᠠᠭᠠᠯᠠᠬᠤ ᠪᠦᠲᠡᠭᠡᠯᠭᠡ ︵ᠬᠥᠰᠢᠭᠡ︶ ᠶᠢ ᠳᠠᠷᠤᠵᠤ ᠪᠠᠬᠢᠯᠡᠨ᠂ ᠰᠠᠷᠠᠪᠴᠢ ᠶᠢᠨ ᠲᠠᠰᠤᠭ ᠤᠨ ᠬᠦᠢᠲᠡᠨ ᠢ ᠳᠠᠭᠠᠭᠠᠬᠤ ᠳᠠᠷᠤᠯᠲᠠ ᠶᠢ ᠳᠠᠭᠠᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠭᠡᠷ ᠤᠨ ᠳᠤᠯᠠᠭᠠᠨ ᠬᠡᠲᠦ ᠳᠣᠣᠷ᠎ᠠ ᠪᠠᠶᠢᠪᠠᠯ᠂ ᠳᠤᠯᠠᠭᠠᠨ ᠢ ᠬᠠᠮᠠᠭᠠᠯᠠᠵᠤ ᠬᠦᠢᠲᠡᠨ ᠢ ᠰᠡᠷᠭᠡᠶᠢᠯᠡᠬᠦ᠂ ᠲᠦᠷ ᠴᠠᠭ ᠳᠤᠯᠠᠭᠠᠯᠠᠬᠤ ᠲᠥᠬᠦᠭᠡᠷᠦᠮᠵᠢ ᠵᠡᠷᠭᠡ ᠳᠤᠯᠠᠭᠠᠨ  ᠢ ᠨᠡᠮᠡᠭᠳᠡᠭᠦᠯᠬᠦ ᠠᠷᠭ᠎ᠠ ᠬᠡᠮᠵᠢᠶ᠎ᠡ ᠪᠠᠷ ᠬᠥᠯᠳᠡᠭᠡᠬᠦ ᠭᠠᠮᠰᠢᠭ ᠡᠭᠦᠰᠬᠦ ᠠᠴᠠ ᠵᠠᠶᠢᠯᠠᠰᠬᠢᠨ᠎ᠡ᠃ ᠰᠠᠯᠬᠢ ᠨᠡᠪᠲᠡᠷᠡᠭᠦᠯᠬᠦ ᠠᠮᠠᠰᠠᠷ ᠢ ᠤᠷᠢᠳᠴᠢᠯᠠᠨ ᠬᠠᠭᠠᠵᠤ᠂ ᠬᠦᠯᠡᠮᠵᠢ ᠶᠢᠨ ᠡᠷᠬᠢᠨ ᠲᠣᠭᠤᠷᠢᠨ ᠤ ᠠᠮᠠᠷᠬᠠᠨ ᠬᠥᠪᠬᠦ ᠪᠣᠳᠠᠰ ᠢ ᠲᠣᠭᠲᠠᠪᠤᠷᠢᠵᠢᠭᠤᠯᠵᠤ᠂ ᠬᠦᠯᠡᠮᠵᠢ ᠶᠢᠨ ᠪᠦᠷᠬᠦᠪᠴᠢ ᠶᠢᠨ ᠡᠪᠳᠡᠷᠡᠬᠦ ᠶᠢ ᠰᠡᠷᠭᠡᠶᠢᠯᠡᠵᠦ᠂ ᠬᠥᠯᠳᠡᠬᠦ ᠠᠴᠠ ᠰᠡᠷᠭᠡᠶᠢᠯᠡᠵᠦ᠂ ᠶᠡᠭᠡ ᠰᠠᠯᠬᠢ ᠥᠩᠭᠡᠷᠡᠭᠰᠡᠨ ᠤ ᠲᠠᠷᠠᠭ᠎ᠠ ᠬᠦᠯᠡᠮᠵᠢ ᠶᠢᠨ ᠬᠤᠭ ᠲᠣᠭᠤᠰᠣ ᠶᠢ ᠴᠠᠭ ᠲᠤᠬᠠᠢ ᠳᠤᠨᠢ ᠴᠡᠪᠡᠷᠯᠡᠵᠦ᠂ ᠬᠦᠯᠡᠮᠵᠢ ᠶᠢᠨ ᠪᠦᠷᠬᠦᠪᠴᠢ ᠶᠢᠨ ᠭᠡᠷᠡᠯ ᠨᠡᠪᠲᠡᠷᠡᠬᠦ ᠴᠢᠨᠠᠷ ᠢ ᠰᠠᠶᠢᠵᠢᠷᠠᠭᠤᠯᠬᠤ ᠶᠢ ᠰᠠᠨᠠᠭᠤᠯᠤᠶ᠎ᠠ᠃ ᠬᠦᠯᠡᠮᠵᠢ ᠶᠢᠨ ᠳᠣᠲᠣᠷᠠᠬᠢ ᠲᠠᠷᠢᠮᠠᠯ ᠢ ᠬᠤᠷᠢᠶᠠᠪᠠᠰᠤ ᠵᠣᠬᠢᠬᠤ ᠶᠢ ᠨᠢ ᠭᠦᠢᠴᠡᠳ ᠬᠤᠷᠢᠶᠠᠬᠤ ᠶᠢᠨ ᠬᠠᠮᠲᠤ ᠰᠠᠯᠠᠭ᠎ᠠ ᠨᠠᠮᠠᠭ᠎ᠠ ᠶᠢ ᠨᠢ ᠲᠡᠭᠰᠢᠯᠡᠨ ᠰᠠᠯᠠᠭᠠᠯᠠᠬᠤ ᠶᠢ ᠪᠠᠭᠠᠰᠬᠠᠵᠤ᠂ ᠬᠥᠯᠳᠡᠵᠦ ᠬᠥᠯᠳᠡᠬᠦ ᠠᠶᠤᠯ ᠲᠠᠢ ᠪᠣᠯ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢ ᠵᠣᠬᠢᠬᠤ ᠬᠡᠮᠵᠢᠶ᠎ᠡ ᠪᠠᠷ ᠰᠦᠷᠴᠢᠨ ᠣᠷᠣᠭᠤᠯᠵᠤ᠂ ᠳᠣᠣᠷ᠎ᠠ ᠳᠤᠯᠠᠭᠠᠨ ᠶᠡᠭᠡ ᠰᠠᠯᠬᠢᠨ ᠤ ᠲᠦᠬᠦᠭᠡᠷᠤᠮᠵᠢᠲᠦ ᠲᠠᠷᠢᠶᠠᠯᠠᠩ ᠤᠨ ᠦᠢᠯᠡᠳᠪᠦᠷᠢᠯᠡᠯ ᠳᠤ ᠦᠵᠡᠭᠦᠯᠬᠦ ᠠᠰᠢᠭ ᠦᠭᠡᠢ ᠨᠥᠯᠥᠭᠡ ᠶᠢ ᠰᠡᠷᠭᠡᠶᠢᠯᠡᠨ᠎ᠡ᠃ ᠲᠡᠵᠢᠭᠡᠨ ᠦᠷᠡᠵᠢᠭᠦᠯᠬᠦ ᠡᠷᠦᠬᠡ ᠨᠢ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢ ᠭᠦᠢᠴᠡᠳ ᠪᠡᠯᠡᠳᠬᠡᠵᠦ᠂ ᠲᠤᠶᠢᠯ ᠤᠨ ᠴᠠᠭ ᠠᠭᠤᠷ ᠠᠴᠠ ᠪᠣᠯᠤᠭᠰᠠᠨ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ ᠶᠢ ᠬᠠᠩᠭᠠᠬᠤ ᠪᠠ ᠵᠥᠭᠡᠭᠡᠪᠦᠷᠢᠯᠡᠬᠦ ᠳᠤ ᠬᠦᠴᠢᠷᠳᠡᠬᠦ ᠠᠴᠠ ᠰᠡᠷᠭᠡᠶᠢᠯᠡᠬᠦ ᠬᠡᠷᠡᠭᠲᠡᠢ᠃
1.png
      ᠵᠢᠷᠤᠭ 1  12 ᠰᠠᠷ᠎ᠠ ᠶᠢᠨ 18 ᠤ ᠡᠳᠦᠷ ᠥᠪᠥᠷ ᠮᠣᠩᠭᠤᠯ ᠣᠷᠣᠨ ᠤ ᠲᠦᠬᠦᠭᠡᠷᠤᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠬᠥᠨᠥᠭᠡᠯ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
2.png 
      ᠵᠢᠷᠤᠭ 2  12 ᠰᠠᠷ᠎ᠠ ᠶᠢᠨ 19 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠬᠥᠨᠥᠭᠡᠯ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
3.png
      ᠵᠢᠷᠤᠭ 3  12 ᠰᠠᠷ᠎ᠠ ᠶᠢᠨ 20 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠳᠣᠣᠷ᠎ᠠ ᠳᠤᠯᠠᠭᠠᠨ ᠬᠦᠢᠲᠡᠨ ᠤ ᠬᠥᠨᠥᠭᠡᠯ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
4.png
      ᠵᠢᠷᠤᠭ 4  12 ᠰᠠᠷ᠎ᠠ ᠶᠢᠨ 18 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠶᠡᠭᠡ ᠰᠠᠯᠬᠢᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
5.png
      ᠵᠢᠷᠤᠭ 5  12 ᠰᠠᠷ᠎ᠠ ᠶᠢᠨ 20 ᠤ ᠡᠳᠦᠷ ᠥᠪᠥᠷ ᠮᠣᠩᠭᠤᠯ ᠣᠷᠣᠨ ᠤ ᠲᠥᠬᠦᠭᠡᠷᠦᠮᠵᠢᠲᠦ ᠲᠠᠷᠢᠶᠠᠯᠠᠩ ᠤᠨ ᠶᠡᠭᠡ ᠰᠠᠯᠬᠢᠨ ᠤ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠠᠷᠬᠠᠯᠲᠠ ᠶᠢᠨ ᠵᠢᠷᠤᠭ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号