ᠰᠢᠨᠵᠢᠶᠠᠩ ᠤᠨ ᠤᠶᠢᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠤᠰᠤᠨ ᠭᠠᠷᠤᠯᠲᠠ ᠶᠢᠨ ᠬᠥᠭᠵᠢᠯᠲᠡ ᠶᠢᠨ ᠲᠥᠪ ᠤᠨ ᠬᠢᠨ ᠮᠠᠨ ᠤ ᠣᠷᠣᠨ ᠳᠤ ᠢᠷᠡᠵᠦ ᠬᠤᠵᠢᠷᠯᠢᠭ ᠤᠰᠤᠨ ᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/12/16
      12 ᠰᠠᠷ᠎ᠠ ᠶᠢᠨ 9 ᠤ ᠡᠳᠦᠷ ᠠᠴᠠ 12 ᠤᠨ ᠡᠳᠦᠷ ᠪᠣᠯᠲᠠᠯ᠎ᠠ᠂ ᠰᠢᠨᠵᠢᠶᠠᠩ ᠤᠨ ᠤᠶᠢᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠤᠰᠤᠨ ᠭᠠᠷᠤᠯᠲᠠ ᠶᠢᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠮᠠ ᠶᠠᠨ ᠦ᠋ ᠲᠠᠪᠤᠭᠤᠯᠠ ᠮᠠᠨ ᠤ ᠣᠷᠣᠨ ᠳᠤ ᠢᠷᠡᠵᠦ ᠬᠤᠵᠢᠷᠯᠢᠭ ᠤᠰᠤᠨ ᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠤᠰᠤᠨ ᠭᠠᠷᠤᠯᠲᠠ ᠶᠢᠨ ᠮᠡᠷᠭᠡᠵᠢᠯ ᠤᠨᠭᠠᠵᠠᠷ ᠤᠨ  ᠬᠢᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
1.png
      ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠣᠷᠳᠣᠰ ᠬᠤᠳᠠ ᠶᠢᠨ ᠬᠠᠩᠭᠢᠨ ᠬᠤᠰᠢᠭᠤ᠂ ᠪᠠᠶᠠᠨᠨᠠᠭᠤᠷ ᠬᠤᠳᠠ ᠶᠢᠨ ᠬᠠᠩᠭᠢᠨ ᠬᠤᠶᠢᠲᠤ ᠬᠤᠰᠢᠭᠤ ᠪᠣᠯᠣᠨ ᠪᠤᠭᠤᠲᠤ ᠬᠤᠳᠠ ᠶᠢᠨ 10 ᠲᠡᠵᠢᠭᠡᠨ ᠦᠷᠡᠵᠢᠭᠦᠯᠬᠦ ᠠᠵᠤ ᠠᠬᠤᠶᠢᠯᠠᠯ ᠪᠣᠯᠣᠨ ᠬᠤᠷᠰᠢᠶ᠎ᠠ ᠶᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠪᠠ᠃ ᠮᠠᠨ ᠤ ᠣᠷᠣᠨ ᠤ ᠬᠤᠵᠢᠷᠯᠢᠭ ᠤᠰᠤᠨ ᠤ ᠣᠷᠣᠨ ᠢ ᠶᠡᠷᠦᠩᠬᠡᠶᠢᠯᠡᠨ ᠨᠡᠭᠡᠭᠡᠨ ᠠᠰᠢᠭᠯᠠᠵᠤ ᠪᠠᠶᠢᠭ᠎ᠠ ᠪᠠᠶᠢᠳᠠᠯ ᠢ ᠭᠦᠨᠵᠡᠭᠡᠢ ᠣᠶᠢᠯᠠᠭᠠᠵᠤ᠂ ᠡᠮᠦᠨᠡᠲᠦ ᠠᠮᠧᠷᠢᠺᠠ ᠶᠢᠨ ᠰᠠᠮ ᠬᠤᠷᠣᠬᠠᠢ ᠶᠢᠨ ᠬᠦᠯᠡᠮᠵᠢ ᠴᠦᠩᠬᠦᠯ ᠤᠨ ᠪᠤᠤᠬᠢᠶ᠎ᠠ ᠲᠡᠵᠢᠭᠡᠪᠦᠷᠢ᠂ ᠬᠤᠵᠢᠷᠯᠢᠭ ᠭᠠᠵᠠᠷ  ᠲᠠᠬᠢ ᠠᠦ᠋ᠰᠲᠷᠠᠯᠢᠶ᠎ᠠ ᠶᠢᠨ ᠴᠡᠩᠭᠡᠭ ᠤᠰᠤᠨ ᠤ ᠰᠠᠮ ᠬᠤᠷᠣᠬᠠᠢ ᠶᠢᠨ ᠲᠡᠵᠢᠭᠡᠪᠦᠷᠢ᠂ ᠬᠤᠵᠢᠷᠯᠢᠭ ᠭᠠᠵᠠᠷ ᠤᠨ ᠵᠢᠭᠠᠰᠤᠴᠢᠨ ᠤ ᠶᠡᠷᠦᠩᠬᠡᠶᠢᠯᠡᠨ ᠳᠠᠷᠢᠵᠤ ᠲᠡᠵᠢᠭᠡᠬᠦ᠂ ᠶᠡᠭᠡ ᠬᠡᠮᠵᠢᠶᠡᠨ ᠤ ᠴᠡᠩᠭᠡᠭ ᠤᠰᠤᠨ ᠤ ᠲᠡᠵᠢᠭᠡᠪᠦᠷᠢ᠂ ᠵᠢᠵᠢᠭ ᠬᠦᠯᠡᠮᠵᠢ ᠶᠢᠨ ᠲᠡᠵᠢᠭᠡᠪᠦᠷᠢ᠂ ᠡᠬᠡ ᠬᠠᠭᠤᠷᠠᠢ ᠶᠢᠨ ᠰᠠᠭᠤᠷᠢ ᠶᠢᠨ ᠣᠷᠴᠢᠯ ᠤᠰᠤᠨ ᠤ ᠲᠡᠵᠢᠭᠡᠪᠦᠷᠢ ᠪᠠ ᠭᠤᠷᠪᠠᠨ ᠨᠠᠭᠤᠷ ᠬᠤᠶᠠᠷ ᠬᠠᠰᠢᠯᠭ᠎ᠠ ᠶᠢᠨ ᠰᠡᠭᠦᠯ ᠤᠨ ᠤᠰᠤᠨ ᠤ ᠥᠭᠡᠷᠡᠴᠢᠯᠡᠯᠲᠡ ᠵᠡᠷᠭᠡ ᠨᠡᠶᠢᠲᠡᠯᠢᠭ ᠣᠨᠴᠠᠯᠢᠭ ᠪᠦᠬᠦᠢ ᠤᠰᠤᠨ ᠭᠠᠷᠤᠯᠲᠠ ᠶᠢᠨ ᠲᠡᠵᠢᠭᠡᠪᠦᠷᠢ ᠶᠢᠨ ᠮᠡᠷᠭᠡᠵᠢᠯ ᠤᠨ ᠵᠠᠭᠪᠤᠷ ᠤᠨ ᠲᠤᠬᠠᠢ ᠠᠶᠢᠮᠠᠭ ᠬᠤᠲᠠ ᠬᠤᠰᠢᠭᠤ ᠰᠢᠶᠠᠨ ᠤ ᠤᠰᠤᠨ ᠭᠠᠷᠤᠯᠲᠠ ᠶᠢᠨ ᠮᠡᠷᠭᠡᠵᠢᠯ ᠤᠨ ᠠᠵᠢᠯᠲᠠᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠰᠣᠯᠢᠯᠴᠠᠪᠠ᠃      ᠰᠢᠨᠵᠢᠶᠠᠩ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠣᠷᠣᠨ ᠤ ᠡᠮᠦᠨᠡᠲᠦ ᠠᠮᠧᠷᠢᠺᠠ ᠶᠢᠨ ᠰᠠᠮ ᠬᠤᠷᠣᠬᠠᠢ ᠶᠢᠨ ᠬᠦᠯᠡᠮᠵᠢ ᠴᠦᠩᠬᠦᠯ ᠤᠨ ᠪᠤᠤᠬᠢᠶ᠎ᠠ ᠲᠡᠵᠢᠭᠡᠪᠦᠷᠢ᠂ ᠤᠰᠤᠨ ᠤ ᠭᠠᠷᠤᠯᠲᠠ ᠶᠢ ᠨᠠᠷᠢᠯᠢᠭ ᠪᠣᠯᠪᠠᠰᠤᠷᠠᠭᠤᠯᠬᠤ ᠪᠠ ᠭᠤᠷᠪᠠᠳᠤᠭᠠᠷ ᠠᠵᠤ ᠦᠢᠯᠡᠰ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠵᠠᠭᠪᠤᠷ ᠢ ᠳᠡᠭᠡᠳᠦ ᠬᠡᠮᠵᠢᠶ᠎ᠡ ᠪᠠᠷ ᠦᠨᠡᠯᠡᠵᠦ᠂ ᠡᠲᠡᠭᠡᠷ ᠵᠠᠭᠪᠤᠷ ᠨᠢ ᠬᠤᠵᠢᠷᠯᠢᠭ ᠭᠠᠵᠠᠷ ᠤᠨ ᠡᠬᠢ ᠪᠠᠶᠠᠯᠢᠭ ᠢ ᠣᠯᠠᠨ ᠡᠰᠢᠵᠢᠭᠦᠯᠦᠨ ᠠᠰᠢᠭᠯᠠᠬᠤ ᠳᠤ ᠰᠢᠨ᠎ᠡ ᠠᠷᠭ᠎ᠠ ᠵᠠᠮ ᠨᠡᠭᠡᠭᠡᠨ ᠥᠭᠴᠦ᠂ ᠢᠯᠡᠳᠲᠡ ᠠᠮᠢ ᠠᠬᠤᠢ᠂ ᠠᠵᠤ ᠠᠬᠤᠢ ᠪᠠ ᠨᠡᠶᠢᠭᠡᠮ ᠤᠨ ᠦᠷ᠎ᠡ ᠠᠰᠢᠭ ᠲᠠᠢ ᠭᠡᠵᠦ ᠦᠵᠡᠪᠡ᠃
2.png
      ᠲᠤᠰ ᠤᠳᠠᠭᠠᠨ ᠤ ᠰᠣᠯᠢᠯᠴᠠᠭᠠᠨ ᠤ ᠶᠠᠪᠤᠴᠠ ᠳᠤ᠂ ᠮᠠᠨ ᠤ ᠣᠷᠣᠨ ᠤ ᠬᠢᠨ ᠪᠠᠰᠠ ᠰᠢᠨᠵᠢᠶᠠᠩ ᠤᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠤᠨ ᠪᠦᠬᠦᠯᠢ ᠴᠣᠭᠴᠠ ᠶᠢᠨ ᠪᠠᠶᠢᠳᠠᠯ ᠪᠣᠯᠣᠨ ᠣᠨᠴᠠᠯᠢᠭ ᠣᠨᠴᠠᠯᠢᠭ ᠢ ᠠᠩᠬ᠎ᠠ ᠠᠯᠬᠤᠮ ᠣᠶᠢᠯᠠᠭᠠᠵᠤ᠂ ᠲᠠᠷᠠᠭᠠᠴᠢ ᠶᠢᠨ ᠠᠯᠬᠤᠮ ᠳᠤ ᠪᠢᠳᠡ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠶᠢ ᠴᠢᠩᠭᠠᠳᠬᠠᠵᠤ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠨᠠᠩ ᠣᠯᠠᠨ ᠭᠠᠵᠠᠷ ᠣᠷᠣᠨ ᠳᠤ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠡᠷᠬᠢᠮ ᠨᠠᠨᠳᠢᠨ ᠲᠤᠷᠰᠢᠯᠭ᠎ᠠ ᠪᠠ ᠰᠢᠨ᠎ᠡ ᠶᠢ ᠡᠭᠦᠳᠬᠦ ᠵᠠᠭᠪᠤᠷ ᠢ ᠬᠠᠩᠭᠠᠵᠤ᠂ ︽ᠬᠤᠵᠢᠷᠯᠢᠭ ᠤᠰᠤᠨ ᠤ ᠴᠠᠷᠠᠭ᠎ᠠ ᠠᠴᠠ ᠢᠳᠡᠭᠡᠨ ᠠᠪᠬᠤ︾ ᠲᠣᠮᠣ ᠢᠳᠡᠭᠡᠨ ᠤ ᠦᠵᠡᠯᠲᠡ ᠶᠢ ᠴᠢᠷᠮᠠᠶᠢᠨ ᠦᠢᠯᠡᠳᠦᠯᠭᠡᠵᠢᠭᠦᠯᠵᠦ᠂ ᠮᠠᠨ ᠤ ᠣᠷᠣᠨ ᠤ ᠬᠤᠵᠢᠷᠯᠢᠭ ᠭᠠᠵᠠᠷ ᠤᠨ ᠵᠢᠭᠠᠰᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠲᠦᠮᠵᠢᠲᠡᠶ ᠬᠦᠴᠦᠨ ᠨᠡᠮᠡᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号