ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ | ᠤᠨ ᠲᠦᠷᠦᠭᠦᠬᠡᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ | ᠣᠷᠣᠨ ︽ᠮᠠᠯ ᠠᠵᠤ ᠠᠬᠤᠢ ᠲᠠᠷᠢᠶᠠᠯᠠᠩ ᠤᠨ ᠳᠦᠭᠦᠮ ᠳᠥᠲᠡ ᠥᠨᠳᠥᠷ ᠪᠦᠲᠦᠮᠵᠢᠲᠡᠢ ᠨᠡᠶᠢᠭᠡᠮᠴᠢᠯᠡᠭᠰᠡᠨ | ᠦᠢᠯᠡᠴᠢᠯᠡᠭᠡᠨ ᠤ ᠰᠢᠰᠲ᠋ᠧᠮ︾ ᠢ ᠲᠦᠷᠭᠡᠳᠬᠡᠨ ᠪᠠᠶᠢᠭᠤᠯᠵᠤ᠂ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ | ᠲᠠᠷᠠᠬᠠᠢ ᠪᠤᠲᠠᠷᠬᠠᠢ ᠮᠠᠯᠵᠢᠬᠤ ᠲᠠᠷᠢᠶᠠᠯᠠᠬᠤ ᠡᠷᠦᠭᠡ ᠶᠢ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠯᠤᠭ᠎ᠠ | ᠪᠦᠳᠦᠮᠵᠢᠳᠠᠢ ᠵᠣᠯᠭᠠᠭᠤᠯᠬᠤ ᠶᠢ ᠠᠬᠢᠭᠤᠯᠵᠤ ᠪᠠᠶᠢᠨ᠎ᠠ᠃ | ᠮᠠᠨ ᠤ ᠣᠷᠣᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠬᠠᠳᠠᠭᠠᠬᠤ᠂ ᠰᠣᠷᠭᠤᠭ ᠴᠢᠨᠠᠷ ᠢ ᠪᠠᠲᠤᠯᠠᠬᠤ᠂ ᠬᠥᠮᠥᠷᠭᠡᠯᠡᠨ ᠬᠠᠳᠠᠭᠠᠯᠠᠬᠤ᠂ ᠬᠥᠯᠳᠡᠭᠡᠬᠦ ᠬᠡᠯᠬᠢᠶ᠎ᠡ ᠵᠡᠷᠭᠡ ᠪᠠᠭᠤᠷᠠᠢ | ᠭᠤᠭᠴᠤᠭ᠎ᠠ ᠳᠤ ᠴᠢᠭᠯᠡᠭᠦᠯᠦᠨ ᠨᠡᠶᠢᠭᠡᠮᠴᠢᠯᠡᠭᠰᠡᠨ ᠦᠢᠯᠡᠴᠢᠯᠡᠭᠡ ᠶᠢ ᠦᠢᠯᠡᠳᠪᠦᠷᠢᠯᠡᠯ ᠳᠤᠮᠳᠠ ᠠᠴᠠ | ᠦᠢᠯᠡᠳᠪᠦᠷᠢᠯᠡᠬᠦ ᠠᠴᠠ ᠡᠮᠦᠨ᠎ᠡ ᠪᠠ ᠦᠢᠯᠡᠳᠪᠦᠷᠢᠯᠡᠭᠰᠡᠨ ᠤ ᠳᠠᠷᠠᠭ᠎ᠠ ᠭᠦᠷᠲᠡᠯ᠎ᠡ ᠤᠷᠲᠤᠳᠬᠠᠨ᠂ ᠦᠢᠯᠡᠳᠪᠦᠷᠢᠯᠡᠯ | ᠪᠣᠷᠤᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠬᠠᠩᠭᠠᠬᠤ ᠲᠤᠰᠬᠠᠢ ᠬᠤᠷᠰᠢᠶ᠎ᠠ ᠶᠢ 2.8ᠲᠦᠮᠡ᠂ | ᠲᠡᠭᠡᠭᠡᠪᠦᠷᠢᠯᠡᠨ ᠪᠣᠷᠣᠯᠠᠭᠤᠯᠬᠤ ᠦᠢᠯᠡᠴᠢᠯᠡᠭᠡ ᠪᠠᠷ ᠭᠤᠣᠯ ᠪᠤᠯᠭᠠᠬᠰᠠᠨ ᠲᠤᠰᠬᠠᠢ ᠬᠤᠷᠰᠢᠶ᠎ᠠ ᠶᠢ 3816᠂ | ᠡᠳ᠋ᠰᠢᠭᠦᠯᠦᠨ ᠪᠤᠯᠪᠠᠰᠤᠷᠠᠭᠤᠯᠬᠤ ᠦᠢᠯᠡᠴᠢᠯᠡᠭᠡ ᠪᠠᠷ ᠭᠤᠣᠯ ᠪᠤᠯᠭᠠᠬᠰᠠᠨ ᠲᠤᠰᠬᠠᠢ ᠬᠤᠷᠰᠢᠶ᠎ᠠ ᠶᠢ 3009 | ᠪᠣᠶᠢᠵᠢᠭᠤᠯᠪᠠ᠃ ᠰᠦ᠂ ᠮᠢᠬ᠎ᠠ᠂ ᠡᠪᠡᠰᠦ ᠵᠡᠷᠭᠡ ᠥᠪᠡᠷᠮᠢᠴᠡ ᠣᠨᠴᠠᠯᠢᠭ ᠲᠠᠢ ᠳᠠᠪᠠᠭᠤᠯᠢᠭ ᠠᠵᠤ ᠦᠢᠯᠡᠰ ᠤᠨ | ᠲᠣᠭᠤᠷᠢᠨ ᠳᠤ ᠨᠡᠶᠢᠭᠡᠮᠴᠢᠯᠡᠭᠰᠡᠨ ᠦᠢᠯᠡᠴᠢᠯᠡᠭᠡ ᠶᠢ ᠲᠡᠵᠢᠭᠡᠪᠦᠷᠢ ᠶᠢᠨ ᠬᠦᠷᠢᠶ᠎ᠡ ᠴᠠᠷᠠᠭ᠎ᠠ ᠳᠤ ᠥᠷᠭᠡᠳᠬᠡᠬᠦ ᠶᠢ | ᠠᠬᠢᠭᠤᠯᠵᠤ᠂ ᠪᠤᠭ ᠮᠠᠯ ᠪᠠ ᠦᠬᠡᠷ ᠲᠡᠵᠢᠭᠡᠬᠦ 47 ᠲᠣᠮᠣ ᠰᠢᠶᠠᠨ ︵ᠬᠤᠰᠢᠭᠤ︶ ᠳᠤ ︽1 + N︾ ᠤ ᠵᠠᠬᠢᠶᠠᠯᠠᠭ᠎ᠠ | ᠶᠢᠨ ᠭᠡᠯᠪᠡᠷᠢ᠂ ︽ᠺᠤᠮᠫᠠᠨᠢ + ᠮᠠᠯᠵᠢᠬᠤ ᠲᠠᠷᠢᠶᠠᠯᠠᠬᠤ ᠡᠷᠦᠭᠡ︾ ᠶᠢᠨ ᠪᠦᠭᠦᠨ ᠢ ᠬᠠᠮᠤᠷᠬᠤ ᠭᠡᠯᠪᠡᠷᠢ᠂ ︽ᠣᠨᠣᠰᠢᠯᠠᠨ | ᠡᠮᠨᠡᠬᠦ + ᠭᠡᠮ ᠬᠢᠵᠢᠭ ᠢ ᠰᠡᠷᠭᠡᠶᠢᠯᠡᠬᠦ︾ ᠥᠷᠭᠡᠳᠬᠡᠭᠰᠡᠨ ᠭᠡᠯᠪᠡᠷᠢ ᠪᠠ ︽ᠭᠡᠮ ᠬᠢᠵᠢᠭ ᠢᠶᠠᠷ ᠦᠬᠦᠭᠰᠡᠨ ᠮᠠᠯ ᠢ | ᠰᠢᠢᠳᠪᠦᠷᠢᠯᠡᠬᠦ + ᠣᠷᠭᠠᠨᠢᠭ ᠪᠣᠷᠳᠣᠭᠤᠷ ᠤᠨ ᠦᠢᠯᠡᠳᠪᠦᠷᠢᠯᠡᠯ + ᠠᠮᠢᠲᠠᠨ ᠤ ᠬᠢᠵᠢᠭ ᠢ ᠰᠡᠷᠭᠡᠶᠢᠯᠡᠬᠦ︾ ᠭᠤᠷᠪᠠ | ᠶᠢ ᠨᠢᠭᠡ ᠴᠣᠭᠴᠠᠵᠢᠭᠤᠯᠤᠭᠰᠠᠨ ᠭᠡᠯᠪᠡᠷᠢ ᠵᠡᠷᠭᠡ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ 4 ᠵᠦᠢᠯ | ᠤᠨ ᠵᠠᠭᠪᠤᠷ ᠢ ᠬᠦᠴᠦᠯᠡᠨ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠡᠷᠦᠭᠡ ᠶᠢᠨ ᠣᠯᠠᠨ ᠡᠰᠢᠵᠢᠭᠰᠡᠨ ᠦᠢᠯᠡᠴᠢᠯᠡᠭᠡᠨ | ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ ᠪᠠᠶᠢᠨ᠎ᠠ᠃ |