ᠬᠤᠯᠪᠣᠭᠳᠠᠯ ᠪᠦᠬᠦᠢ ᠨᠢᠭᠡᠴᠡ ᠳᠤ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ᠪᠣᠯᠣᠨ ︽ᠭᠤᠣᠯ ᠪᠣᠯᠬᠤ | ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ | ᠡᠳᠦᠭᠡ 2025 ᠣᠨ ᠤ ᠮᠠᠨ ᠤ ᠣᠷᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠤᠨ ᠬᠢᠨᠠᠨ ᠲᠣᠭᠲᠠᠭᠠᠯᠲᠠ ᠶᠢᠨ | ᠲᠤᠷᠰᠢᠯᠲᠠ ᠳᠤ ᠣᠷᠣᠯᠴᠠᠬᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠲᠠᠷᠢᠮᠠᠯ ᠤᠨ ᠲᠦᠷᠦᠯ ᠵᠦᠢᠯ | ᠡᠷᠳᠡᠨᠢ ᠰᠢᠰᠢ᠂ ᠪᠤᠭᠤᠳᠠᠢ᠂ ᠤᠰᠤᠨ ᠲᠤᠲᠤᠷᠭ᠎ᠠ᠂ ᠰᠢᠷ᠎ᠠ ᠪᠤᠷᠴᠠᠭ | ᠬᠤᠶᠠᠷ᠂ ᠲᠤᠷᠰᠢᠯᠲᠠ ᠳᠤ ᠣᠷᠣᠯᠴᠠᠬᠤ ᠲᠥᠷᠥᠯ ᠵᠦᠢᠯ ᠤᠨ ᠱᠠᠭᠠᠷᠳᠠᠯᠭ᠎ᠠ | 1. ᠲᠤᠷᠰᠢᠯᠲᠠ ᠳᠤ ᠣᠷᠣᠯᠴᠠᠬᠤ ᠡᠭᠦᠯᠳᠡᠷ ᠢ ᠬᠥᠮᠥᠨ ᠤ ᠬᠦᠴᠦ ᠪᠠᠷ ᠰᠣᠩᠭᠤᠨ ᠪᠣᠶᠢᠵᠢᠭᠤᠯᠬᠤ ᠪᠤᠶᠤ | ᠢᠯᠡᠷᠡᠭᠦᠯᠬᠦ ᠶᠢᠨ ᠬᠠᠮᠲᠤ ᠰᠠᠶᠢᠵᠢᠷᠠᠭᠤᠯᠤᠭᠰᠠᠨ ᠪᠠᠶᠢᠬᠤ ᠬᠡᠷᠡᠭᠲᠡᠢ︔ ᠣᠳᠣ ᠶᠢᠨ ᠪᠠᠶᠢᠭ᠎ᠠ ᠲᠥᠷᠥᠯ ᠵᠦᠢᠯ ᠲᠠᠢ | ᠢᠯᠡᠷᠬᠡᠢ ᠢᠯᠭᠠᠭ᠎ᠠ ᠲᠠᠢ︔ ᠬᠡᠯᠪᠡᠷᠢ ᠳᠦᠷᠰᠦ ᠶᠢᠨ ᠣᠨᠴᠠᠯᠢᠭ ᠪᠠ ᠠᠮᠢᠳᠤ ᠪᠣᠳᠠᠰ ᠤᠨ ᠤᠬᠠᠭᠠᠨ ᠤ ᠣᠨᠴᠠᠯᠢᠭ ᠨᠢ | ᠨᠢᠭᠡᠳᠦᠯᠲᠡᠢ︔ ᠤᠳᠤᠮᠰᠢᠯ ᠤᠨ ᠰᠢᠨᠵᠢ ᠪᠠᠶᠢᠳᠠᠯ ᠲᠣᠭᠲᠠᠭᠤᠨ᠃ | 2. ᠡᠭᠦᠯᠳᠡᠷ ᠤᠨ ᠨᠡᠷᠡᠶᠢᠳᠦᠯ ᠨᠢ ︽ᠲᠠᠷᠢᠶᠠᠯᠠᠩ ᠤᠨ ᠤᠷᠭᠤᠮᠠᠯ ᠤᠨ ᠡᠭᠦᠯᠳᠡᠷ ᠢ ᠨᠡᠷᠡᠶᠢᠳᠬᠦ ᠲᠣᠭᠲᠠᠭᠠᠯ︾ | ︵ᠲᠠᠷᠢᠶᠠᠯᠠᠩ ᠤᠨ ᠶᠠᠮᠤᠨ ᠤ ᠵᠠᠷᠯᠢᠭ 2012 ᠣᠨ ᠤ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠳᠤ ᠨᠡᠶᠢᠴᠡᠭᠰᠡᠨ | ᠪᠠᠶᠢᠬᠤ ᠬᠡᠷᠡᠭᠲᠡᠢ᠃ ᠭᠤᠶᠤᠴᠢᠯᠠᠭᠴᠢ ᠨᠢ ᠳᠤᠮᠳᠠᠳᠤ ᠤᠯᠤᠰ ᠤᠨ ᠦᠷ᠎ᠡ ᠶᠢᠨ ᠦᠢᠯᠡᠰ ᠤᠨ ᠲᠣᠮᠣ ᠳ᠋ᠠᠶᠢᠲ᠋ᠠ ᠶᠢᠨ | ᠲᠠᠪᠴᠠᠩ ᠳᠤ ᠭᠠᠷᠴᠤ ᠲᠠᠷᠢᠶᠠᠯᠠᠩ ᠤᠨ ᠤᠷᠭᠤᠮᠠᠯ ᠤᠨ ᠲᠥᠷᠥᠯ ᠵᠦᠢᠯ ᠤᠨ ᠨᠡᠷᠡᠶᠢᠳᠦᠯ ᠢ ᠡᠷᠢᠬᠦ ᠰᠢᠰᠲ᠋ᠧᠮ | ︵http://202.127.42.178:4000/︶ ᠢᠶᠠᠷ ᠳᠡᠮᠵᠢᠨ ᠪᠠᠶᠢᠴᠠᠭᠠᠨ ᠯᠠᠪᠯᠠᠬᠤ ᠬᠡᠷᠡᠭᠲᠡᠢ᠃ | 3. ᠮᠠᠨ ᠤ ᠣᠷᠣᠨ ᠳᠤ ᠠᠳᠠᠯᠢ ᠨᠢᠭᠡ ᠠᠮᠢ ᠠᠬᠤᠢ ᠶᠢᠨ ᠲᠥᠷᠥᠯ ᠬᠡᠯᠪᠡᠷᠢ ᠶᠢᠨ ᠣᠷᠣᠨ ᠳᠤ 2 ᠵᠢᠯ ᠠᠴᠠ | ᠳᠡᠭᠡᠭᠰᠢ ᠪᠣᠯᠤᠭᠰᠠᠨ ᠮᠥᠷᠲᠡᠭᠡᠨ ᠵᠢᠯ ᠪᠦᠷᠢ 5 ᠴᠡᠭ ᠠᠴᠠ ᠳᠤᠲᠠᠭᠤ ᠦᠭᠡᠢ ᠲᠤᠷᠰᠢᠯᠲᠠ ᠶᠢᠨ ᠲᠥᠷᠥᠯ ᠵᠦᠢᠯ ᠤᠨ | ᠬᠠᠷᠢᠴᠠᠭᠤᠯᠤᠭᠰᠠᠨ ᠲᠤᠷᠰᠢᠯᠲᠠ ᠶᠢ ᠨᠢᠭᠡᠨᠲᠡ ᠪᠡᠶᠡᠯᠡᠭᠦᠯᠵᠦ᠂ ᠲᠤᠷᠰᠢᠯᠲᠠ ᠶᠢᠨ ᠴᠡᠭ ᠨᠢ ᠠᠮᠢ ᠠᠬᠤᠢ ᠶᠢᠨ ᠲᠥᠷᠥᠯ | ᠬᠡᠯᠪᠡᠷᠢ ᠶᠢᠨ ᠲᠥᠯᠥᠭᠡᠯᠡᠬᠦ ᠴᠢᠨᠠᠷᠲᠠᠢ᠂ ᠵᠢᠭᠳᠡ ᠪᠠᠷ ᠲᠠᠷᠬᠠᠭᠰᠠᠨ ᠮᠥᠷᠲᠡᠭᠡᠨ ᠠᠳᠠᠯᠢ ᠨᠢᠭᠡ ᠰᠢᠶᠠᠨ ᠤ ᠱᠠᠲᠤᠨ ᠤ | ᠵᠠᠰᠠᠭ ᠵᠠᠬᠢᠷᠭᠠᠨ ᠤ ᠣᠷᠣᠨ ᠳᠤ ᠪᠠᠶᠢᠬᠤ ᠦᠭᠡᠢ ᠪᠠᠶᠢᠬᠤ ᠬᠡᠷᠡᠭᠲᠡᠢ᠃ | 4. ᠦᠷ᠎ᠡ ᠶᠢᠨ ᠲᠤᠭ᠎ᠠ ᠬᠡᠮᠵᠢᠶ᠎ᠡ ᠨᠢ ᠡᠭᠦᠯᠳᠡᠷ ᠤᠨ ᠲᠤᠷᠰᠢᠯᠲᠠ ︵ᠲᠤᠷᠰᠢᠯᠲᠠ ᠳᠤ ᠬᠡᠷᠡᠭᠯᠡᠬᠦ ᠦᠷ᠎ᠡ ᠶᠢᠨ | ᠬᠡᠮᠵᠢᠶ᠎ᠡ ᠶᠢ ᠬᠡᠷᠡᠭᠵᠢᠭᠦᠯᠬᠦ ᠲᠥᠰᠥᠯ ᠢᠶᠠᠷ ᠪᠠᠷᠢᠮᠵᠢᠶ᠎ᠠ ᠪᠣᠯᠭᠠᠨ᠎ᠠ︶ ᠪᠠ ᠪᠠᠷᠢᠮᠵᠢᠶᠠᠲᠤ ᠦᠯᠢᠭᠡᠷ ᠡᠳ᠋ ᠢ ᠦᠯᠡᠳᠡᠭᠡᠨ | ᠬᠠᠳᠠᠭᠠᠯᠠᠬᠤ ᠶᠢ ᠬᠠᠩᠭᠠᠵᠤ ᠴᠢᠳᠠᠬᠤ ᠬᠡᠷᠡᠭᠲᠡᠢ᠃ | ᠭᠤᠷᠪᠠ᠂ ᠮᠡᠳᠡᠭᠦᠯᠬᠦ ᠮᠠᠲ᠋ᠧᠷᠢᠶᠠᠯ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ ᠡᠭᠦᠯᠳᠡᠷ ᠤᠨ | ᠲᠤᠷᠰᠢᠯᠲᠠ ᠬᠢᠬᠦ ᠭᠤᠶᠤᠴᠢᠯᠠᠯ ᠤᠨ ᠬᠦᠰᠦᠨᠦᠭᠲᠦ ︵ᠳᠠᠭᠠᠯᠳᠤᠭᠤᠯᠤᠯ 1︶︔ | 2. ᠡᠭᠦᠯᠳᠡᠷ ᠰᠣᠩᠭᠤᠨ ᠪᠣᠶᠢᠵᠢᠭᠤᠯᠬᠤ ᠮᠡᠳᠡᠭᠦᠯᠦᠯᠲᠡ ︵ᠳᠠᠭᠠᠯᠳᠤᠭᠤᠯᠤᠯ 2︶︔ | 3. ᠡᠭᠦᠯᠳᠡᠷ ᠤᠨ ᠬᠠᠷᠢᠴᠠᠭᠤᠯᠤᠭᠰᠠᠨ ᠲᠤᠷᠰᠢᠯᠲᠠ ᠶᠢᠨ ᠮᠡᠳᠡᠭᠦᠯᠦᠯᠲᠡ ︵ᠳᠠᠭᠠᠯᠳᠤᠭᠤᠯᠤᠯ 3︶︔ | 4. ᠭᠧᠨ ᠬᠤᠪᠢᠷᠠᠭᠤᠯᠤᠭᠰᠠᠨ ᠪᠤᠰᠤ ᠡᠭᠦᠯᠳᠡᠷ ᠤᠨ ᠠᠮᠠᠯᠠᠯᠲᠠ ᠶᠢᠨ ᠪᠢᠴᠢᠭ ︵ᠳᠠᠭᠠᠯᠳᠤᠭᠤᠯᠤᠯ 4︶︔ | 5. ᠭᠤᠶᠤᠴᠢᠯᠠᠭᠰᠠᠨ ᠨᠢᠭᠡᠴᠡ ᠪᠣᠯᠣᠨ ᠰᠣᠩᠭᠤᠨ ᠪᠣᠶᠢᠵᠢᠭᠤᠯᠬᠤ ᠨᠢᠭᠡᠴᠡ ᠨᠢ ᠨᠢᠭᠡᠳᠦᠯ ᠦᠭᠡᠢ ᠪᠠᠶᠢᠪᠠᠯ᠂ | ᠰᠣᠩᠭᠤᠨ ᠪᠣᠶᠢᠵᠢᠭᠤᠯᠬᠤ ᠨᠢᠭᠡᠴᠡ ᠶᠢᠨ ᠭᠠᠷᠭᠠᠭᠰᠠᠨ ᠵᠥᠪᠰᠢᠶᠡᠷᠡᠯ ᠤᠨ ᠲᠣᠳᠣᠷᠬᠠᠶᠢᠯᠠᠯᠲᠠ ᠶᠢ ᠬᠠᠩᠭᠠᠬᠤ | ᠬᠡᠷᠡᠭᠲᠡᠢ᠃ | ᠳᠥᠷᠪᠡ᠂ ᠮᠡᠳᠡᠭᠦᠯᠬᠦ ᠱᠠᠭᠠᠷᠳᠠᠯᠭ᠎ᠠ | 1. ᠭᠤᠶᠤᠴᠢᠯᠠᠭᠴᠢ ᠬᠠᠮᠲᠤ ᠳᠤᠨᠢ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠭᠤᠶᠤᠴᠢᠯᠠᠯ ᠢᠶᠠᠨ | ᠲᠤᠰᠢᠶᠠᠨ᠎ᠠ᠄ | A. ᠥᠪᠥᠷ ᠮᠣᠩᠭᠤᠯ ᠤᠨ ᠲᠠᠷᠢᠮᠠᠯ ᠤᠨ ᠡᠭᠦᠯᠳᠡᠷ ᠤᠨ ᠣᠷᠣᠨ ᠪᠦᠰᠡ ᠶᠢᠨ ᠲᠤᠷᠰᠢᠯᠲᠠ ᠶᠢᠨ ᠰᠢᠰᠲ᠋ᠧᠮ | ︵http://150.2233.32.185:8081/index.html/login︶ ᠳᠤ ᠭᠠᠷᠴᠤ ᠡᠯᠧᠺᠲᠷᠣᠨ | ᠭᠤᠶᠤᠴᠢᠯᠠᠯ ᠢᠶᠠᠨ ᠲᠤᠰᠢᠶᠠᠨ᠎ᠠ︔ B. ᠮᠡᠳᠡᠭᠦᠯᠬᠦ ᠮᠠᠲ᠋ᠧᠷᠢᠶᠠᠯ ᠤᠨ ᠲᠠᠮᠠᠭ᠎ᠠ ᠳᠠᠷᠤᠭᠰᠠᠨ ᠴᠠᠭᠠᠰᠤᠨ ᠮᠠᠲ᠋ᠧᠷᠢᠶᠠᠯ ᠢ | ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ᠠᠯᠪᠠᠨ ᠭᠡᠷ ᠲᠤ | ᠢᠯᠡᠭᠡᠨ᠎ᠡ᠃ | 2. ᠠᠳᠠᠯᠢ ᠨᠢᠭᠡᠨ ᠭᠤᠶᠤᠴᠢᠯᠠᠭᠰᠠᠨ ᠨᠢᠭᠡᠴᠡ ᠶᠢᠨ ᠠᠳᠠᠯᠢ ᠳᠤᠭᠤᠶᠢᠯᠠᠩ ᠤᠨ ᠢᠯᠭᠠᠯ ︵ᠳᠠᠭᠠᠯᠳᠤᠭᠤᠯᠤᠯ | 5︶ ᠤᠨ ᠲᠤᠷᠰᠢᠯᠲᠠ ᠳᠤ ᠣᠷᠣᠯᠴᠠᠬᠤ ᠲᠥᠷᠥᠯ ᠵᠦᠢᠯ ᠢ ᠵᠠᠷᠴᠢᠮ ᠳᠡᠭᠡᠷ᠎ᠡ ᠪᠠᠨ 1 ᠠᠴᠠ ᠬᠡᠲᠦᠷᠡᠭᠦᠯᠵᠦ ᠪᠣᠯᠬᠤ | ᠦᠭᠡᠢ᠃ ᠴᠠᠷᠳᠠᠭᠤᠯ᠂ ᠲᠣᠰᠣ ᠶᠡᠬᠡᠲᠡᠢ ᠵᠡᠷᠭᠡ ᠣᠨᠴᠠᠭᠠᠶ ᠲᠦᠷᠦᠯ ᠵᠦᠢᠯ ᠤᠨ ᠲᠦᠷᠦᠯ ᠵᠦᠢᠯ ᠢ ᠲᠦᠷᠦᠯ ᠵᠦᠢᠯ ᠤᠨ | ᠨᠡᠷᠡᠶᠢᠳᠦᠯ ᠤᠨ ᠳᠠᠷᠠᠭ᠎ᠠ ᠲᠣᠳᠣᠷᠬᠠᠶᠢᠯᠠᠬᠤ ᠬᠡᠷᠡᠭᠲᠡᠢ᠃ ᠡᠭᠦᠯᠳᠡᠷ ᠤᠨ ᠨᠡᠷᠡᠶᠢᠳᠦᠯ᠂ ᠭᠤᠶᠤᠴᠢᠯᠠᠭᠴᠢ ᠵᠡᠷᠭᠡ ᠮᠡᠳᠡᠭᠡ | ᠵᠠᠩᠭᠢ ᠶᠢ ᠡᠭᠦᠯᠳᠡᠷ ᠢ ᠬᠢᠨᠠᠨ ᠲᠣᠭᠲᠠᠭᠠᠬᠤ ᠦᠶ᠎ᠡ ᠳᠤ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠂ | ᠬᠤᠯᠪᠣᠭᠳᠠᠯ ᠪᠦᠬᠦᠢ ᠠᠭᠤᠯᠭ᠎ᠠ ᠨᠢ ᠲᠠᠭᠯᠠᠨ ᠮᠡᠳᠡᠭᠦᠯᠬᠦ ᠱᠠᠭᠠᠷᠳᠠᠯᠭ᠎ᠠ ︵ᠳᠠᠭᠠᠯᠳᠤᠭᠤᠯᠤᠯ 6︶ ᠳᠤ ᠨᠡᠶᠢᠴᠡᠭᠰᠡᠨ | ᠪᠠᠶᠢᠬᠤ ᠬᠡᠷᠡᠭᠲᠡᠢ᠃ | 3. ᠬᠤᠯᠪᠣᠭᠠᠲᠤ ᠴᠣᠭᠴᠠ ᠶᠢᠨ ᠲᠤᠷᠰᠢᠯᠲᠠ ᠬᠢᠬᠦ ᠳᠤ ᠲᠤᠷᠰᠢᠯᠲᠠ ᠳᠤ ᠣᠷᠣᠯᠴᠠᠬᠤ ᠲᠤᠭ᠎ᠠ ᠬᠡᠮᠵᠢᠶ᠎ᠡ ᠶᠢ | ᠴᠢᠩᠭ᠎ᠠ ᠬᠢᠵᠠᠭᠠᠷᠯᠠᠵᠤ᠂ ᠲᠤᠷᠰᠢᠯᠲᠠ ᠳᠤ ᠣᠷᠣᠯᠴᠠᠬᠤ ᠲᠦᠷᠦᠯ ᠵᠦᠢᠯ ᠳᠤ ᠱᠠᠭᠠᠷᠳᠠᠭᠰᠠᠨ ᠭᠤᠶᠤᠴᠢᠯᠠᠯ ᠤᠨ | ᠮᠠᠲ᠋ᠧᠷᠢᠶᠠᠯ ᠢ ᠬᠠᠩᠭᠠᠬᠤ ᠠᠴᠠ ᠭᠠᠳᠠᠨ᠎ᠠ ᠪᠠᠰᠠ ᠬᠤᠯᠪᠣᠭᠠᠲᠤ ᠴᠣᠭᠴᠠ ᠶᠢᠨ ᠪᠢᠴᠢᠭ ᠤᠨ ᠬᠡᠯᠪᠡᠷᠢ ᠶᠢᠨ | ᠬᠠᠮᠲᠤᠷᠠᠯᠴᠠᠭᠠᠨ ᠤ ᠵᠥᠪᠯᠡᠯᠴᠡᠭᠡᠷ ᠢ ᠳᠠᠭᠠᠯᠳᠤᠭᠤᠯᠵᠤ᠂ ᠲᠦᠷᠦᠭᠦᠯᠡᠨ ᠬᠢᠬᠦ ᠨᠢᠭᠡᠴᠡ ᠠᠴᠠ ᠨᠢᠭᠡᠳᠦᠯᠲᠡᠢ | ᠰᠢᠤᠳᠠᠨ ᠢᠶᠠᠷ ᠢᠯᠡᠭᠡᠬᠦ ᠬᠡᠷᠡᠭᠲᠡᠢ︔ ᠪᠡᠶ᠎ᠡ ᠪᠠᠨ ᠳᠠᠭᠠᠭᠠᠵᠤ ᠲᠤᠷᠰᠢᠯᠲᠠ ᠬᠢᠬᠦ ᠳᠤ ᠨᠢᠭᠡᠳᠦᠯᠲᠡᠢ ᠱᠠᠭᠠᠷᠳᠠᠯᠭ᠎ᠠ | ᠶᠣᠰᠣᠭᠠᠷ ᠮᠡᠳᠡᠭᠦᠯᠬᠦ ᠬᠡᠷᠡᠭᠲᠡᠢ᠃ | ᠲᠠᠪᠤ᠂ ᠪᠤᠰᠤᠳ ᠵᠦᠢᠯ | 1. ᠲᠤᠰ ᠮᠡᠳᠡᠭᠳᠡᠯ ᠢ ᠪᠠᠭᠤᠯᠭᠠᠭᠰᠠᠨ ᠡᠳᠦᠷ ᠠᠴᠠ ᠡᠬᠢᠯᠡᠨ ᠭᠤᠶᠤᠴᠢᠯᠠᠯ ᠢ ᠭᠥᠯᠢᠶᠡᠨ ᠠᠪᠴᠤ | ᠰᠢᠢᠳᠪᠦᠷᠢᠯᠡᠨ᠎ᠡ᠂ ᠭᠥᠯᠢᠶᠡᠨ ᠠᠪᠴᠤ ᠰᠢᠢᠳᠪᠦᠷᠢᠯᠡᠬᠦ ᠡᠳᠦᠷ ᠬᠤᠭᠤᠴᠠᠭ᠎ᠠ ᠨᠢ 2025 ᠣᠨ ᠤ 1 ᠰᠠᠷ᠎ᠠ ᠶᠢᠨ | 17 ᠤ ᠡᠳᠦᠷ ᠬᠦᠷᠦᠨ᠎ᠡ᠂ ᠬᠤᠭᠤᠴᠠᠭ᠎ᠠ ᠥᠩᠭᠡᠷᠡᠪᠡᠯ ᠭᠥᠯᠢᠶᠡᠨ ᠠᠪᠴᠤ ᠰᠢᠢᠳᠪᠦᠷᠢᠯᠡᠬᠦ ᠦᠭᠡᠢ᠃ | 2. ᠡᠭᠦᠯᠳᠡᠷ ᠤᠨ ᠲᠤᠷᠰᠢᠯᠲᠠ ᠶᠢ ᠥᠪᠡᠷ ᠢᠶᠠᠨ ᠥᠷᠨᠢᠭᠦᠯᠦᠭᠰᠡᠨ ᠨᠢᠭᠡᠴᠡ ᠨᠢ 2025 ᠣᠨ ᠤ 3 | ᠰᠠᠷ᠎ᠠ ᠶᠢᠨ 20 ᠤ ᠡᠳᠦᠷ ᠠᠴᠠ ᠡᠮᠦᠨ᠎ᠡ ᠲᠤᠷᠰᠢᠯᠲᠠ ᠶᠢᠨ ᠲᠥᠰᠥᠯ ᠢᠶᠠᠨ ᠳᠡᠭᠡᠭᠰᠢ ᠮᠡᠳᠡᠭᠦᠯᠵᠦ᠂ ᠬᠢᠨᠠᠨ | ᠬᠠᠷᠭᠤᠭᠤᠯᠵᠤ ᠵᠥᠪᠰᠢᠶᠡᠷᠡᠭᠦᠯᠦᠭᠰᠡᠨ ᠤ ᠲᠠᠷᠠᠭ᠎ᠠ ᠰᠠᠶ᠋ᠢ ᠬᠡᠷᠡᠭᠵᠢᠭᠦᠯᠵᠦ ᠪᠣᠯᠣᠨ᠎ᠠ᠃ | 3. ᠪᠤᠰᠤᠳ ᠰᠢᠢᠳᠪᠦᠷᠢᠯᠡᠵᠦ ᠳᠠᠭᠤᠰᠤᠭᠠᠳᠤᠢ ᠵᠦᠢᠯᠡᠰ ᠢ ︽2024 ᠣᠨ ᠤ ᠭᠤᠣᠯ ᠪᠣᠯᠬᠤ ᠲᠠᠷᠢᠮᠠᠯ ᠤᠨ | ᠡᠭᠦᠯᠳᠡᠷ ᠢ ᠬᠢᠨᠠᠨ ᠲᠣᠭᠲᠠᠭᠠᠵᠤ ᠲᠤᠷᠰᠢᠯᠲᠠ ᠳᠤ ᠣᠷᠣᠯᠴᠠᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ | ᠲᠤᠬᠠᠢ ᠮᠡᠳᠡᠭᠳᠡᠯ︾ ︵ ᠥᠪᠥᠷ ᠲᠠᠷᠢᠶᠠᠯᠠᠩ ᠤᠨ ᠪᠦᠲᠦᠭᠡᠭᠳᠡᠬᠦᠨ ᠢ ᠬᠢᠨᠠᠨ ᠰᠢᠢᠳᠪᠦᠷᠢᠯᠡᠬᠦ ᠦᠰᠦᠭ〔2023〕 | 5 ᠳ᠋ᠤᠭᠠᠷ ᠲᠣᠭᠠᠲᠤ︶ ᠢᠶᠠᠷ ᠯᠠᠪᠯᠠᠯᠲᠠ ᠪᠣᠯᠭᠠᠨ᠎ᠠ᠃ | ᠵᠢᠷᠭᠤᠭ᠎ᠠ᠂ ᠬᠠᠷᠢᠯᠴᠠᠬᠤ ᠠᠷᠭ᠎ᠠ | ᠨᠢᠭᠡᠴᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠢ ᠬᠢᠨᠠᠨ | ᠲᠣᠭᠲᠠᠭᠠᠬᠤ ᠵᠥᠪᠯᠡᠯ ᠤᠨ ᠠᠯᠪᠠᠨ ᠭᠡᠷ | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ | ᠲᠣᠭᠤᠷᠢᠭ ᠤᠨ ᠬᠥᠯᠥᠨ ᠬᠤᠶᠢᠲᠤ ᠵᠠᠮ ᠤᠨ 13 ᠳ᠋ᠤᠭᠠᠷ ᠨᠣᠮᠧᠷ | ᠰᠢᠤᠳᠠᠨ ᠳ᠋ᠤᠭᠠᠷ᠄ 010010 | ᠬᠠᠷᠢᠯᠴᠠᠬᠤ ᠬᠥᠮᠥᠨ ᠵᠢᠴᠢ ᠤᠲᠠᠰᠤ᠄ ᠯᠢ ᠰᠢᠨ᠂ ᠵᠠᠩ ᠫᠧᠩ ᠢᠦᠢ | 0471— 6285043/6286603 | ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠲᠠᠷᠢᠮᠠᠯ ᠤᠨ | ᠡᠭᠦᠯᠳᠡᠷ ᠤᠨ ᠲᠤᠷᠰᠢᠯᠲᠠ ᠬᠢᠬᠦ ᠭᠤᠶᠤᠴᠢᠯᠠᠯ ᠤᠨ ᠬᠦᠰᠦᠨᠦᠭᠲᠦ ᠤᠨ ᠬᠦᠰᠦᠨᠦᠭᠲᠦ | 2. ᠡᠭᠦᠯᠳᠡᠷ ᠰᠣᠩᠭᠤᠨ ᠪᠣᠶᠢᠵᠢᠭᠤᠯᠬᠤ ᠮᠡᠳᠡᠭᠦᠯᠦᠯᠲᠡ ᠶᠢᠨ ᠬᠡᠪ ᠵᠠᠭᠪᠤᠷ | 3. ᠲᠦᠷᠦᠯ ᠵᠦᠢᠯ ᠢ ᠬᠠᠷᠢᠴᠠᠭᠤᠯᠤᠨ ᠲᠤᠷᠰᠢᠬᠤ ᠱᠠᠭᠠᠷᠳᠠᠯᠭ᠎ᠠ | 4. ᠭᠧᠨ ᠬᠤᠪᠢᠷᠠᠭᠤᠯᠤᠭᠰᠠᠨ ᠪᠤᠰᠤ ᠲᠦᠷᠦᠯ ᠵᠦᠢᠯ ᠤᠨ ᠠᠮᠠᠯᠠᠯᠲᠠ ᠶᠢᠨ ᠪᠢᠴᠢᠭ | 5. 2025 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠡᠭᠦᠯᠳᠡᠷ ᠤᠨ | ᠲᠤᠷᠰᠢᠯᠲᠠ ᠶᠢᠨ ᠪᠠᠶᠢᠭᠤᠯᠬᠤ ᠭᠡᠵᠤ ᠪᠠᠶᠢᠭ᠎ᠠ ᠳᠤᠭᠤᠶᠢᠯᠠᠩ | 6. ᠬᠠᠮᠢᠶ᠎ᠠ ᠪᠦᠬᠦᠢ ᠲᠠᠭᠯᠠᠨ ᠮᠡᠳᠡᠭᠦᠯᠬᠦ ᠱᠠᠭᠠᠷᠳᠠᠯᠭ᠎ᠠ | ᠳᠠᠭᠠᠯᠳᠤᠭᠤᠯᠤᠯ 1— 6.docx | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ | ᠡᠭᠦᠯᠳᠡᠷ ᠢ ᠬᠢᠨᠠᠨ ᠲᠣᠭᠲᠠᠭᠠᠬᠤ ᠵᠥᠪᠯᠡᠯ ᠤᠨ ᠠᠯᠪᠠᠨ ᠭᠡᠷ | 2024 ᠣᠨ ᠤ 12 ᠰᠠᠷ᠎ᠠ ᠶᠢᠨ 18 ᠤ ᠡᠳᠦᠷ |