︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ︿ᠲᠥᠬᠦᠭᠡᠷᠥᠮᠵᠢᠲᠦ ᠲᠠᠷᠢᠶᠠᠯᠠᠩ᠂ ᠲᠥᠬᠦᠭᠡᠷᠥᠮᠵᠢᠲᠦ ᠮᠠᠯ ᠠᠵᠤ ᠠᠬᠤᠢ ᠶᠢᠨ ᠬᠥᠭᠵᠢᠯᠲᠡ ᠶᠢ ᠳᠡᠮᠵᠢᠬᠦ | ᠠᠷᠭ᠎ᠠ ᠬᠡᠮᠵᠢᠶ᠎ᠡ ᠨᠦᠭᠦᠳ﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ | ﹇2024﹈ 4 ᠳ᠋ᠦ᠋ᠭᠡᠷ ᠲᠣᠭᠠᠲᠤ᠂ ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠳᠤ᠄ | ᠲᠥᠬᠦᠭᠡᠷᠥᠮᠵᠢᠲᠦ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠤᠨ᠎ᠠ᠃ | ᠬᠠᠰᠢᠶᠠᠯᠠᠨ ᠲᠡᠵᠢᠭᠡᠬᠦ ᠶᠢ ᠶᠡᠬᠡᠪᠡᠷ ᠠᠬᠢᠭᠤᠯᠵᠤ᠂ ᠪᠣᠳᠠᠲᠠᠢ ᠵᠢᠯ ᠳᠤ 500 ᠲᠣᠯᠣᠭᠠᠢ ᠠᠯᠠᠰᠢᠨ ᠦᠬᠡᠷ ᠪᠤᠶᠤ | 3000 ᠲᠣᠯᠣᠭᠠᠢ ᠠᠴᠠ ᠳᠡᠭᠡᠭᠰᠢ ᠠᠯᠠᠰᠢᠨ ᠬᠤᠨᠢ ᠶᠢ ᠲᠡᠵᠢᠭᠡᠨ ᠦᠷᠡᠵᠢᠭᠦᠯᠵᠦ ᠭᠠᠷᠭᠠᠵᠤ ᠳᠡᠶᠢᠯᠬᠦ ᠲᠠᠯᠠᠪᠠᠶ᠂ | ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠳᠣᠲᠣᠷ᠎ᠠ | ᠠᠯᠠᠵᠤ ᠨᠢᠲᠤᠯᠤᠭᠰᠠᠨ ᠮᠥᠷᠲᠡᠭᠡᠨ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠭᠰᠠᠨ ᠭᠡᠷᠡᠴᠢ ᠲᠠᠢ ᠪᠠᠶᠢᠪᠠᠯ᠂ | ᠬᠤᠳᠠᠯᠳᠤᠭᠰᠠᠨ ᠠᠯᠠᠰᠢᠨ ᠦᠬᠡᠷ ᠨᠢᠭᠡᠪᠦᠷᠢ ᠳᠤ 300 ᠲᠥᠭᠦᠷᠢᠭ᠂ ᠠᠯᠠᠰᠢᠨ ᠬᠤᠨᠢ ᠨᠢᠭᠡᠪᠦᠷᠢ ᠳᠤ 60 | ᠲᠥᠭᠦᠷᠢᠭ ᠢᠶᠠᠷ ᠱᠠᠩᠨᠠᠨ᠎ᠠ᠃ ᠱᠠᠩᠨᠠᠯ ᠤᠨ ᠪᠡᠯᠡ ᠮᠥᠩᠭᠦ ᠶᠢ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠢᠴᠢ ᠣᠲᠣ | ᠦᠶ᠎ᠡ ᠶᠢᠨ ᠲᠡᠵᠢᠭᠡᠨ ᠦᠷᠡᠵᠢᠭᠦᠯᠬᠦ ᠲᠣᠨᠤᠭ ᠲᠥᠬᠦᠭᠡᠷᠦᠮᠵᠢ ᠶᠢᠨ ᠲᠠᠰ ᠳᠡᠪᠰᠢᠭᠦᠯᠦᠨ ᠥᠭᠡᠷᠡᠴᠢᠯᠡᠬᠦ ᠳᠤ | ᠭᠤᠣᠯᠳᠠᠯᠭ᠎ᠠ ᠲᠠᠢ ᠬᠡᠷᠡᠭᠯᠡᠵᠦ᠂ ᠦᠬᠡᠷ ᠬᠤᠨᠢᠨ ᠤ ᠪᠣᠷᠳᠣᠵᠤ ᠲᠠᠷᠭᠤᠯᠠᠭᠤᠯᠬᠤ ᠬᠡᠪᠴᠢᠶᠡᠵᠢᠭᠦᠯᠬᠦ᠂ | ᠪᠠᠷᠢᠮᠵᠢᠶᠠᠵᠢᠭᠤᠯᠬᠤ᠂ ᠤᠶᠤᠨᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠠᠯᠴᠢᠨ ᠲᠠᠷᠢᠶᠠᠴᠢᠳ ᠢ ᠬᠥᠲᠥᠯᠥᠨ | ᠵᠢᠯᠤᠭᠤᠳᠴᠤ ᠪᠠᠶᠢᠭᠠᠳ ᠵᠣᠬᠢᠬᠤ ᠬᠡᠪᠴᠢᠶ᠎ᠡ ᠲᠠᠢ ᠦᠬᠡᠷ ᠬᠤᠨᠢ ᠶᠢ ᠪᠣᠷᠳᠣᠵᠤ ᠲᠡᠵᠢᠭᠡᠬᠦ ᠶᠢ ᠬᠥᠭᠵᠢᠭᠦᠯᠦᠨ᠎ᠡ᠃ | ᠲᠠᠬᠢᠶ᠎ᠠ᠂ ᠨᠤᠭᠤᠰᠤ᠂ ᠭᠠᠯᠠᠭᠤ ᠶᠢᠨ ᠬᠡᠪᠴᠢᠶᠡᠵᠢᠭᠰᠡᠨ ᠥᠨᠳᠥᠷ ᠦᠷ᠎ᠡ ᠠᠰᠢᠭ ᠲᠠᠢ ᠲᠥᠬᠦᠭᠡᠷᠥᠮᠵᠢᠲᠦ ᠲᠡᠵᠢᠭᠡᠨ | ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠲᠡᠮᠵᠢᠨ᠎ᠡ᠃ ᠮᠣᠷᠢ᠂ ᠡᠯᠵᠢᠭᠡ᠂ ᠲᠡᠮᠡᠭᠡ᠂ ᠪᠤᠭᠤ᠂ ᠲᠡᠮᠡᠭᠡᠨ | ᠬᠢᠷᠭᠤᠤᠯ ᠵᠡᠷᠭᠡ ᠣᠨᠴᠠᠯᠢᠭᠲᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ | ᠵᠢᠯᠤᠭᠤᠳᠴᠤ᠂ ᠣᠨᠴᠠᠯᠢᠭᠲᠤ ᠪᠦᠲᠦᠭᠡᠭᠳᠡᠬᠦᠨ ᠡᠳ᠋ᠰᠢᠭᠦᠯᠬᠦ ᠬᠡᠯᠬᠢᠶᠡᠰᠦ ᠶᠢ ᠤᠷᠲᠤᠳᠬᠠᠨ ᠪᠣᠶ ᠪᠣᠯᠭᠠᠨ᠎ᠠ᠃ | ᠨᠢᠭᠡ᠂ ᠱᠠᠩᠨᠠᠵᠤ ᠨᠥᠬᠦᠪᠦᠷᠢᠯᠡᠬᠦ ᠡᠲᠡᠭᠡᠳ | ᠱᠠᠩᠨᠠᠵᠤ ᠨᠥᠬᠦᠪᠦᠷᠢᠯᠡᠬᠦ ᠡᠲᠡᠭᠡᠳ ᠪᠣᠯ ᠪᠣᠳᠠᠲᠠᠢ ᠵᠢᠯ ᠳᠤ 500 ᠲᠣᠯᠣᠭᠠᠢ ᠠᠯᠠᠰᠢᠨ ᠦᠬᠡᠷ ᠪᠤᠶᠤ | 3000 ᠲᠣᠯᠣᠭᠠᠢ ᠠᠴᠠ ᠳᠡᠭᠡᠭᠰᠢ ᠠᠯᠠᠰᠢᠨ ᠬᠤᠨᠢ ᠶᠢ ᠭᠠᠷᠭᠠᠵᠤ᠂ ᠰᠢᠯᠭᠠᠨ ᠠᠪᠬᠤ ᠪᠠᠷᠢᠮᠵᠢᠶ᠎ᠠ ᠳᠤ ᠬᠦᠷᠦᠭᠰᠡᠨ | ᠮᠥᠷᠲᠡᠭᠡᠨ ᠲᠤᠬᠠᠢ ᠶᠢᠨ ᠭᠠᠵᠠᠷ ᠲᠤᠨᠢ ᠰᠢᠯᠭᠠᠨ ᠠᠪᠬᠤ ᠶᠢ ᠥᠩᠭᠡᠷᠡᠭᠡᠭᠰᠡᠨ ᠬᠡᠪᠴᠢᠶᠡᠲᠦ ᠲᠡᠵᠢᠭᠡᠨ ᠦᠷᠡᠵᠢᠭᠦᠯᠬᠦ | ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠪᠣᠯᠣᠨ᠎ᠠ᠃ ᠬᠡᠪᠴᠢᠶᠡᠲᠦ ᠲᠡᠵᠢᠭᠡᠨ | ᠦᠷᠡᠵᠢᠭᠦᠯᠬᠦ ᠲᠠᠯᠠᠪᠠᠶ᠂ ᠬᠤᠷᠰᠢᠶ᠎ᠠ ᠪᠣᠯᠣᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠵᠡᠷᠭᠡ ᠡᠯ᠎ᠡ | ᠲᠥᠷᠥᠯ ᠤᠨ ᠭᠤᠣᠯ ᠴᠣᠭᠴᠠ ᠲᠥᠬᠦᠮ ᠬᠤᠷᠠᠮᠳᠤᠯ ᠮᠠᠯ ᠢᠶᠠᠷ ᠳᠡᠮᠵᠢᠨ ᠱᠠᠩᠨᠠᠵᠤ ᠨᠥᠬᠦᠪᠦᠷᠢᠯᠡᠬᠦ ᠭᠠᠷᠭᠠᠯᠲᠠ ᠶᠢᠨ | ᠬᠡᠪᠴᠢᠶᠡᠨ ᠳᠤ ᠬᠦᠷᠦᠭᠰᠡᠨ ᠪᠠᠶᠢᠪᠠᠯ᠂ ᠱᠠᠩᠨᠠᠵᠤ ᠨᠥᠬᠦᠪᠦᠷᠢᠯᠡᠬᠦ ᠡᠲᠡᠭᠡᠳ ᠪᠣᠯᠭᠠᠬᠤ ᠦᠭᠡᠢ᠃ | ᠬᠤᠶᠠᠷ᠂ ᠱᠠᠩᠨᠠᠵᠤ ᠨᠥᠬᠦᠪᠦᠷᠢᠯᠡᠬᠦ ᠠᠷᠭ᠎ᠠ ᠬᠡᠯᠪᠡᠷᠢ | ︽ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠭᠰᠡᠨ ᠤ ᠳᠠᠷᠠᠭ᠎ᠠ ᠱᠠᠩᠨᠠᠵᠤ ᠨᠥᠬᠦᠪᠦᠷᠢᠯᠡᠬᠦ ᠶᠢᠨ ᠭᠠᠷᠭᠠᠯᠲᠠ ᠶᠢᠨ | ᠬᠡᠪᠴᠢᠶ᠎ᠡ ᠳᠤ ᠬᠦᠷᠦᠭᠰᠡᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ | ᠬᠦᠷᠢᠶᠡᠯᠡᠩ ᠲᠣᠭᠤᠷᠢᠭ ᠢ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ᠂ ᠪᠣᠳᠠᠲᠠᠢ ᠪᠠᠶᠢᠳᠠᠯ ᠢ | ᠦᠨᠳᠦᠰᠦᠯᠡᠨ ᠪᠠᠷᠢᠮᠵᠢᠶ᠎ᠠ ᠶᠣᠰᠣᠭᠠᠷ ᠱᠠᠩᠨᠠᠵᠤ ᠨᠥᠬᠦᠪᠦᠷᠢᠯᠡᠨ᠎ᠡ᠃ | ᠭᠤᠷᠪᠠ᠂ ᠰᠢᠯᠭᠠᠨ ᠠᠪᠬᠤ ᠪᠠ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ | ︵ᠨᠢᠭᠡ︶ ︽ᠪᠣᠳᠠᠲᠠᠢ ᠵᠢᠯ ᠤᠨ ᠭᠠᠷᠭᠠᠯᠲᠠ︾ ᠶᠢ ᠰᠢᠯᠭᠠᠨ ᠠᠪᠬᠤ ᠪᠠᠷᠢᠮᠵᠢᠶ᠎ᠠ | 1. ᠲᠠᠯᠠᠪᠠᠢ ᠶᠢ ᠰᠢᠯᠭᠠᠨ ᠠᠪᠬᠤ᠃ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ᠂ ᠬᠤᠷᠰᠢᠶ᠎ᠠ᠂ ᠲᠡᠵᠢᠭᠡᠨ | ᠦᠷᠡᠵᠢᠭᠦᠯᠬᠦ ᠬᠦᠷᠢᠶᠡᠯᠡᠩ ᠲᠣᠭᠤᠷᠢᠭ ᠨᠢ ᠡᠳᠦᠢ ᠲᠡᠳᠦᠢ ᠠᠷᠭ᠎ᠠ ᠬᠡᠮᠵᠢᠶ᠎ᠡ ᠳᠤ ᠲᠣᠳᠣᠷᠬᠠᠶᠢᠯᠠᠭᠰᠠᠨ ᠱᠠᠩᠨᠠᠵᠤ | ᠨᠥᠬᠦᠪᠦᠷᠢᠯᠡᠬᠦ ᠪᠣᠷᠣᠯᠠᠭᠤᠯᠤᠨ ᠭᠠᠷᠭᠠᠬᠤ ᠲᠡᠵᠢᠭᠡᠨ ᠦᠷᠡᠵᠢᠭᠦᠯᠬᠦ ᠬᠡᠪᠴᠢᠶ᠎ᠡ ᠳᠤ ᠬᠡᠷᠡᠭᠰᠡᠬᠦ ᠬᠠᠰᠢᠶ᠎ᠠ ᠰᠠᠷᠠᠪᠴᠢ᠂ | ᠡᠪᠡᠰᠦ ᠬᠠᠳᠠᠭᠠᠯᠠᠬᠤ ᠬᠠᠰᠢᠶ᠎ᠠ᠂ ᠲᠡᠵᠢᠭᠡᠯ ᠪᠣᠷᠳᠤᠭ᠎ᠠ ᠶᠢᠨ ᠬᠥᠮᠥᠷᠭᠡ ᠵᠡᠷᠭᠡ ᠰᠠᠭᠤᠷᠢ ᠲᠥᠬᠦᠭᠡᠷᠦᠮᠵᠢ ᠶᠢ | ᠪᠦᠷᠢᠳᠦᠭᠦᠯᠵᠦ᠂ ᠪᠠᠭᠠᠰᠤᠨ ᠪᠣᠬᠢᠷᠲᠤᠯ ᠢ ᠰᠢᠢᠳᠪᠦᠷᠢᠯᠡᠬᠦ᠂ ᠲᠡᠵᠢᠭᠡᠬᠦ᠂ ᠤᠰᠤ ᠤᠮᠳᠠ᠂ ᠬᠢᠵᠢᠭ ᠢ ᠰᠡᠷᠭᠡᠶᠢᠯᠡᠬᠦ ᠵᠡᠷᠭᠡ | ᠢᠵᠢ ᠪᠦᠷᠢᠳᠦᠭᠦᠯᠦᠭᠰᠡᠨ ᠲᠡᠵᠢᠭᠡᠨ ᠦᠷᠡᠵᠢᠭᠦᠯᠬᠦ ᠲᠥᠬᠦᠭᠡᠷᠦᠮᠵᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃ | 2. ᠲᠠᠩᠰᠠ ᠡᠪᠬᠡᠮᠡᠯ ᠢ ᠰᠢᠯᠭᠠᠨ ᠠᠪᠬᠤ᠃ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ | ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠨᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠮᠠᠯ | ᠵᠢᠭᠦᠷᠲᠡᠨ ᠤ ᠢᠯᠭᠠᠬᠤ ᠲᠡᠮᠳᠡᠭ ᠪᠠ ᠲᠡᠵᠢᠭᠡᠨ ᠦᠷᠡᠵᠢᠭᠦᠯᠬᠦ ᠲᠠᠩᠰᠠ ᠡᠪᠬᠡᠮᠡᠯ ᠤᠨ ᠬᠠᠮᠢᠶᠠᠷᠤᠯᠲᠠ ᠶᠢᠨ | ᠠᠷᠭ᠎ᠠ︾ ᠶᠢᠨ ᠱᠠᠭᠠᠷᠳᠠᠯᠭ᠎ᠠ ᠶᠣᠰᠣᠭᠠᠷ ᠲᠡᠵᠢᠭᠡᠨ ᠦᠷᠡᠵᠢᠭᠦᠯᠬᠦ ᠲᠠᠩᠰᠠ ᠡᠪᠬᠡᠮᠡᠯ ᠪᠠᠶᠢᠭᠤᠯᠬᠤ ᠶᠢᠨ ᠬᠠᠮᠲᠤ | ᠵᠢᠷᠤᠮᠵᠢᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠠᠯ ᠠᠵᠤ | ᠠᠬᠤᠢ ᠶᠢᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠢ᠃ | ︽ᠬᠠᠷ᠎ᠠ ᠮᠢᠬᠠᠯᠠᠭᠤᠯᠬᠤ ᠬᠠᠨᠳᠠ︾ ᠶᠢ ᠬᠠᠤᠯᠢ ᠠᠴᠠ ᠵᠥᠷᠢᠴᠡᠨ ᠨᠡᠮᠡᠵᠦ ᠬᠡᠷᠡᠭᠯᠡᠭᠰᠡᠨ ᠵᠡᠷᠭᠡ ᠴᠠᠭᠠᠵᠠ ᠠᠴᠠ | ᠵᠥᠷᠢᠴᠡᠨ ᠨᠡᠮᠡᠵᠦ ᠬᠡᠷᠡᠭᠯᠡᠭᠰᠡᠨ ᠥᠢᠯᠡ ᠠᠵᠢᠯᠯᠠᠭ᠎ᠠ ᠭᠠᠷᠤᠭᠰᠠᠨ ᠦᠭᠡᠢ᠂ ᠬᠤᠯᠪᠣᠭᠳᠠᠯ ᠪᠦᠬᠦᠢ ᠮᠠᠭᠤ ᠲᠡᠮᠳᠡᠭᠯᠡᠯ | ᠪᠠᠶᠢᠬᠤ ᠦᠭᠡᠢ ᠬᠡᠷᠡᠭᠲᠡᠢ᠃ | 3. ᠲᠤᠬᠠᠢ ᠶᠢᠨ ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠨ᠎ᠠ᠃ ᠨᠥᠬᠦᠪᠦᠷᠢ ᠥᠭᠬᠦ ᠪᠠᠷ ᠮᠡᠳᠡᠭᠦᠯᠬᠦ ᠳᠠᠯᠳᠠ | ᠬᠦᠴᠦᠨ ᠲᠠᠢ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ | ᠲᠣᠭᠤᠷᠢᠭ ᠲᠤ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠵᠢᠯ ᠪᠦᠷᠢ 2 | ᠤᠳᠠᠭ᠎ᠠ ᠠᠴᠠ ᠳᠤᠲᠠᠭᠤ ᠦᠭᠡᠢ ᠲᠤᠬᠠᠢ ᠶᠢᠨ ᠲᠠᠯᠠᠪᠠᠶ ᠶᠢᠨ ᠬᠢᠨᠠᠨ ᠰᠢᠯᠭᠠᠯᠲᠠ ᠬᠢᠵᠦ᠂ ᠪᠣᠷᠳᠣᠵᠤ | ᠲᠠᠷᠭᠤᠯᠠᠭᠤᠯᠤᠭᠰᠠᠨ ᠠᠯᠠᠰᠢᠨ ᠦᠬᠡᠷ᠂ ᠠᠯᠠᠰᠢᠨ ᠬᠤᠨᠢᠨ ᠤ ᠲᠤᠭ᠎ᠠ ᠬᠡᠮᠵᠢᠶ᠎ᠡ ᠨᠢ ᠱᠠᠩᠨᠠᠵᠤ ᠨᠥᠬᠦᠪᠦᠷᠢᠯᠡᠬᠦ | ᠨᠥᠬᠦᠴᠡᠯ ᠳᠤ ᠨᠡᠶᠢᠴᠡᠬᠦ ᠮᠥᠷᠲᠡᠭᠡᠨ ᠪᠣᠷᠳᠣᠵᠤ ᠲᠠᠷᠭᠤᠯᠠᠭᠤᠯᠤᠭᠰᠠᠨ ᠠᠯᠠᠰᠢᠨ ᠬᠤᠨᠢ ᠶᠢᠨ ᠪᠣᠷᠳᠣᠵᠤ | ᠲᠠᠷᠭᠤᠯᠠᠭᠤᠯᠬᠤ ᠬᠤᠭᠤᠴᠠᠭ᠎ᠠ ᠶᠢ 3 ᠰᠠᠷ᠎ᠠ ᠠᠴᠠ ᠳᠤᠲᠠᠭᠤ ᠦᠭᠡᠢ ᠪᠠᠶᠢᠯᠭᠠᠵᠤ᠂ ᠪᠣᠷᠳᠣᠵᠤ ᠲᠠᠷᠭᠤᠯᠠᠭᠤᠯᠤᠭᠰᠠᠨ | ᠠᠯᠠᠰᠢᠨ ᠦᠬᠡᠷ ᠤᠨ ᠪᠣᠷᠳᠣᠵᠤ ᠲᠠᠷᠭᠤᠯᠠᠭᠤᠯᠬᠤ ᠬᠤᠭᠤᠴᠠᠭ᠎ᠠ ᠶᠢ 6 ᠰᠠᠷ᠎ᠠ ᠠᠴᠠ ᠳᠤᠲᠠᠭᠤ ᠦᠭᠡᠢ | ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ︽ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠨᠢᠲᠤᠯᠤᠭᠰᠠᠨ ᠮᠥᠷᠲᠡᠭᠡᠨ ᠦᠢᠯᠡᠳᠪᠦᠷᠢᠯᠡᠭᠰᠡᠨ | ᠭᠠᠵᠠᠷ ᠤᠨ ᠬᠢᠵᠢᠭ ᠪᠠᠶᠢᠴᠠᠭᠠᠭᠰᠠᠨ ᠭᠡᠷᠡᠴᠢ︾ ᠶᠢ ᠰᠢᠯᠭᠠᠨ ᠠᠪᠬᠤ ᠪᠠᠷᠢᠮᠵᠢᠶ᠎ᠠ | ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ | ᠲᠣᠭᠤᠷᠢᠭ ᠤᠨ ᠭᠠᠷᠭᠠᠭᠰᠠᠨ ᠠᠯᠠᠰᠢᠨ ᠦᠬᠡᠷ᠂ ᠠᠯᠠᠰᠢᠨ ᠬᠤᠨᠢᠨ ᠤ ᠪᠣᠷᠤᠯᠠᠭᠤᠯᠭ᠎ᠠ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠯᠠᠵᠤ ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠪᠠᠶᠢᠬᠤ ᠬᠡᠷᠡᠭᠲᠡᠢ | ᠪᠥᠭᠡᠳ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠶᠢᠨ ᠭᠡᠷᠡᠴᠢᠯᠡᠯ ︽ᠠᠮᠢᠲᠠᠨ ᠤ ᠬᠢᠵᠢᠭ ᠤᠨ | ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢᠯᠡᠯ ︵ᠠᠮᠢᠲᠠᠨ B︶︾ ᠢ ᠣᠯᠬᠤ ᠬᠡᠷᠡᠭᠲᠡᠢ᠃ ᠡᠭᠦᠨ ᠳᠤ᠂ | ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠶᠢᠨ ᠭᠡᠷᠡᠴᠢᠯᠡᠯ ᠭᠡᠳᠡᠭ ᠨᠢ ᠠᠮᠢᠲᠠᠨ ᠤ ᠡᠷᠡᠭᠦᠯ | ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠠᠯᠪᠠᠨ ᠤ ᠮᠠᠯ ᠤᠨ ᠡᠮᠴᠢ ᠠᠴᠠ ᠭᠠᠷᠭᠠᠵᠤ ᠥᠭᠭᠦᠭᠰᠡᠨ᠂ | ᠶᠠᠮᠠᠷ ᠨᠢᠭᠡᠨ ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠢ | ᠲᠣᠳᠣᠷᠬᠠᠶᠢᠯᠠᠭᠰᠠᠨ ᠭᠡᠷᠡᠴᠢᠯᠡᠯ ᠢ ᠵᠢᠭᠠᠵᠤ ᠪᠠᠶᠢᠨ᠎ᠠ᠂ ᠲᠤᠬᠠᠶᠢᠯᠠᠪᠠᠯ ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ | ᠲᠡᠩᠴᠡᠭᠰᠡᠨ ᠭᠡᠷᠡᠴᠢᠯᠡᠯ ︵ᠠᠮᠢᠲᠠᠨ B︶ ᠢ ᠬᠡᠷᠡᠭᠯᠡᠨ᠎ᠡ᠂ ᠡᠨᠡ ᠨᠢ ᠣᠷᠣᠨ ᠤ ᠳᠣᠲᠣᠷ᠎ᠠ ᠠᠮᠢᠲᠠᠨ ᠢ ᠬᠤᠳᠠᠯᠳᠤᠬᠤ | ᠪᠤᠶᠤ ᠵᠥᠭᠡᠭᠡᠪᠦᠷᠢᠯᠡᠬᠦ ᠳᠤ ᠬᠡᠷᠡᠭᠯᠡᠨ᠎ᠡ᠃ | ︵ᠭᠤᠷᠪᠠ︶ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ | ︽ᠠᠷᠭ᠎ᠠ ᠬᠡᠮᠵᠢᠶ᠎ᠡ ᠨᠦᠭᠦᠳ︾ ᠤᠨ ᠱᠠᠩᠨᠠᠵᠤ ᠨᠥᠬᠦᠪᠦᠷᠢᠯᠡᠬᠦ ᠨᠥᠬᠦᠴᠡᠯ ᠳᠤ ᠨᠡᠶᠢᠴᠡᠬᠦ ᠬᠡᠪᠴᠢᠶᠡᠲᠦ ᠲᠡᠵᠢᠭᠡᠨ | ᠦᠷᠡᠵᠢᠭᠦᠯᠬᠦ ᠲᠠᠯᠠᠪᠠᠶ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠲᠤ᠂ ᠬᠤᠳᠠᠯᠳᠤᠭᠰᠠᠨ | ᠠᠯᠠᠰᠢᠨ ᠦᠬᠡᠷ ᠨᠢᠭᠡᠪᠦᠷᠢ ᠳᠤ 300 ᠲᠥᠭᠦᠷᠢᠭ᠂ ᠠᠯᠠᠰᠢᠨ ᠬᠤᠨᠢ ᠨᠢᠭᠡᠪᠦᠷᠢ ᠳᠤ 60 ᠲᠥᠭᠦᠷᠢᠭ ᠢᠶᠠᠷ | ᠱᠠᠩᠨᠠᠨ᠎ᠠ᠃ | ᠳᠥᠷᠪᠡ᠂ ᠮᠡᠳᠡᠭᠦᠯᠬᠦ ᠲᠠᠰ ᠳᠠᠷᠠᠭᠠᠯᠠᠯ | ︵ᠨᠢᠭᠡ︶ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤᠰ ᠬᠡᠷᠡᠭᠵᠢᠭᠦᠯᠬᠦ | ᠨᠠᠷᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠨᠥᠬᠦᠴᠡᠯ ᠳᠤ ᠨᠡᠶᠢᠴᠡᠬᠦ ᠬᠡᠪᠴᠢᠶᠡᠲᠦ ᠲᠡᠵᠢᠭᠡᠨ ᠦᠷᠡᠵᠢᠭᠦᠯᠬᠦ | ᠲᠠᠯᠠᠪᠠᠢ᠂ ᠬᠤᠷᠰᠢᠶ᠎ᠠ ᠪᠣᠯᠣᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠢ ᠵᠣᠬᠢᠶᠠᠨ ᠪᠠᠶᠢᠭᠤᠯᠤᠨ | ᠮᠡᠳᠡᠭᠦᠯᠬᠦ ᠶᠢᠨ ᠬᠠᠮᠲᠤ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠤ | ᠵᠣᠬᠢᠴᠠᠩᠭᠤᠢ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃ | 1. ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ | ᠲᠣᠭᠤᠷᠢᠭ ᠤᠨ ᠭᠠᠵᠠᠷ ᠵᠦᠢ ᠶᠢᠨ ᠪᠠᠶᠢᠷᠢᠯᠠᠯ ︵ᠳᠥᠷᠪᠡᠨ ᠵᠠᠬ᠎ᠠ ᠶᠢᠨ ᠮᠡᠳᠡᠭᠡ ᠵᠠᠩᠭᠢ ᠵᠢᠴᠢ ᠤᠷᠲᠤᠷᠢᠭ ᠥᠷᠭᠡᠷᠢᠭ | ᠪᠠᠭᠲᠠᠨ᠎ᠠ︶︔ | 2. ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠪᠤᠶᠤ ᠲᠡᠵᠢᠭᠡᠨ ᠦᠷᠡᠵᠢᠭᠦᠯᠬᠦ ᠲᠠᠯᠠᠪᠠᠢ | ︵ᠡᠷᠦᠬᠡ︶ ᠶᠢᠨ ᠪᠡᠶ᠎ᠡ ᠶᠢᠨ ᠦᠨᠡᠮᠯᠡᠯ︔ | 3. ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ | ᠲᠣᠭᠤᠷᠢᠭ ᠨᠢ ᠪᠠᠷᠢᠮᠵᠢᠶᠠᠨ ᠳᠤ ᠬᠦᠷᠦᠭᠡᠳᠦᠢ ᠬᠤᠨᠢ᠂ ᠪᠠᠷᠢᠮᠵᠢᠶᠠᠨ ᠳᠤ ᠬᠦᠷᠦᠭᠡᠳᠦᠢ ᠦᠬᠡᠷ ᠬᠤᠳᠠᠯᠳᠤᠨ ᠠᠪᠴᠤ | ᠲᠠᠷᠭᠤᠯᠠᠭᠤᠯᠤᠭᠰᠠᠨ ᠪᠠᠶᠢᠪᠠᠯ᠂ ᠬᠤᠳᠠᠯᠳᠤᠨ ᠠᠪᠬᠤ ᠭᠡᠷ᠎ᠡ᠂ ᠪᠠᠷᠢᠮᠲᠠ ᠪᠤᠶᠤ ᠲᠣᠭᠠᠴᠠᠭ᠎ᠠ ᠬᠢᠭᠰᠡᠨ ᠭᠡᠷᠡᠴᠢ ᠪᠠᠷᠢᠮᠲᠠ | ᠵᠡᠷᠭᠡ ᠬᠤᠳᠠᠯᠳᠤᠨ ᠠᠪᠤᠭᠰᠠᠨ ᠭᠡᠷᠡᠴᠢ ᠮᠠᠲ᠋ᠧᠷᠢᠶᠠᠯ ᠢ ᠬᠠᠩᠭᠠᠵᠤ᠂ ᠥᠪᠡᠷ ᠢᠶᠠᠨ ᠦᠷᠡᠵᠢᠭᠦᠯᠵᠦ ᠥᠪᠡᠷ ᠢᠶᠠᠨ | ᠪᠣᠶᠢᠵᠢᠭᠤᠯᠤᠭᠰᠠᠨ ᠨᠢ ᠰᠠᠭᠤᠷᠢ ᠡᠬᠡ ᠮᠠᠯ ᠤᠨ ᠲᠡᠵᠢᠭᠡᠵᠦ ᠪᠠᠶᠢᠭ᠎ᠠ ᠭᠡᠷᠡᠴᠢ ᠪᠠᠷᠢᠮᠲᠠ ᠶᠢ ᠬᠠᠩᠭᠠᠨ᠎ᠠ︔ | 4. ᠨᠢᠲᠤᠯᠵᠤ ᠡᠳ᠋ᠰᠢᠭᠦᠯᠬᠦ ᠠᠵᠤ ᠠᠬᠤᠶᠢᠯᠠᠯ ᠤᠨ ᠠᠯᠠᠰᠢᠨ ᠦᠬᠡᠷ᠂ ᠠᠯᠠᠰᠢᠨ ᠬᠤᠨᠢ ᠶᠢ ᠬᠤᠳᠠᠯᠳᠤᠨ | ᠠᠪᠤᠭᠰᠠᠨ ᠭᠡᠷᠡᠴᠢ ᠪᠠᠷᠢᠮᠲᠠ︔ | 5. ᠠᠯᠠᠰᠢᠨ ᠦᠬᠡᠷ᠂ ᠠᠯᠠᠰᠢᠨ ᠬᠤᠨᠢᠨ ᠤ ᠭᠠᠷᠤᠯᠲᠠ ᠶᠢᠨ ᠣᠷᠣᠨ ᠤ ᠰᠢᠯᠭᠠᠨ ᠪᠠᠶᠢᠴᠠᠭᠠᠯᠲᠠ ᠳᠤ ᠬᠢᠷᠢ | ᠲᠡᠩᠴᠡᠭᠰᠡᠨ ᠦᠨᠡᠮᠯᠡᠯ ︽ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ | ︵ᠠᠮᠢᠲᠠᠨ B︶︾ ᠶᠢ ᠬᠤᠳᠠᠯᠳᠤᠬᠤ ᠳᠤ᠂ ᠪᠠᠷᠠᠭᠠᠨ ᠤ ᠡᠵᠡᠨ ᠨᠢ ᠱᠠᠩᠨᠠᠵᠤ ᠨᠥᠬᠦᠪᠦᠷᠢᠯᠡᠬᠦ ᠪᠠᠷ ᠮᠡᠳᠡᠭᠦᠯᠦᠭᠰᠡᠨ | ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ | ᠪᠠᠶᠢᠬᠤ ᠬᠡᠷᠡᠭᠲᠡᠢ︔ | 6. ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ | ᠲᠣᠭᠤᠷᠢᠭ ᠤᠨ ᠪᠡᠯᠡ ᠣᠷᠣᠭᠤᠯᠤᠨ ᠲᠠᠯᠠᠪᠠᠶ ᠪᠠᠶᠢᠭᠤᠯᠤᠭᠰᠠᠨ ᠬᠠᠮᠢᠶ᠎ᠠ ᠪᠦᠬᠦᠢ ᠭᠡᠷᠡᠴᠢ᠂ ᠡᠭᠦᠨ ᠳᠤ ᠭᠤᠣᠯᠳᠠᠭᠤ | ᠲᠡᠵᠢᠭᠡᠨ ᠦᠷᠡᠵᠢᠭᠦᠯᠬᠦ ᠲᠠᠯᠠᠪᠠᠶ ᠶᠢᠨ ᠲᠠᠯᠠᠪᠠᠶ ᠪᠠᠶᠢᠭᠤᠯᠤᠭᠰᠠᠨ ᠭᠠᠵᠠᠷ ᠰᠢᠷᠣᠢ ᠶᠢᠨ ᠭᠠᠷᠳᠠᠮ᠂ ᠲᠣᠨᠤᠭ | ᠲᠥᠬᠦᠭᠡᠷᠦᠮᠵᠢ ᠬᠤᠳᠠᠯᠳᠤᠨ ᠠᠪᠤᠭᠰᠠᠨ ᠪᠠᠷᠢᠮᠲᠠ ᠪᠤᠶᠤ ᠵᠣᠭᠤᠰ ᠥᠭᠭᠦᠭᠰᠡᠨ ᠭᠡᠷᠡᠴᠢ ᠵᠡᠷᠭᠡ ᠪᠠᠭᠲᠠᠨ᠎ᠠ︔ | 7. ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ | ᠲᠣᠭᠤᠷᠢᠭ ᠤᠨ ᠰᠠᠭᠤᠷᠢ ᠲᠥᠬᠦᠭᠡᠷᠦᠮᠵᠢ᠂ ᠲᠥᠬᠦᠭᠡᠷᠦᠮᠵᠢ ᠶᠢᠨ ᠬᠡᠷᠡᠯ ᠵᠢᠷᠤᠭ᠂ ᠰᠠᠭᠤᠷᠢ ᠡᠬᠡ ᠮᠠᠯ ᠤᠨ ᠲᠤᠭ᠎ᠠ | ᠲᠣᠯᠣᠭᠠᠢ ᠵᠡᠷᠭᠡ ᠬᠡᠷᠡᠯ ᠵᠢᠷᠤᠭ ᠤᠨ ᠮᠠᠲ᠋ᠧᠷᠢᠶᠠᠯ᠃ | ︵ᠬᠤᠶᠠᠷ︶ ᠬᠤᠰᠢᠭᠤ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠠᠴᠠ ᠬᠡᠪᠴᠢᠶᠡᠲᠦ | ᠲᠡᠵᠢᠭᠡᠨ ᠦᠷᠡᠵᠢᠭᠦᠯᠬᠦ ᠲᠠᠯᠠᠪᠠᠶ᠂ ᠬᠤᠷᠰᠢᠶ᠎ᠠ ᠪᠠ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ | ᠮᠡᠳᠡᠭᠦᠯᠦᠭᠰᠡᠨ ᠮᠠᠲ᠋ᠧᠷᠢᠶᠠᠯ ᠳᠤ ᠠᠩᠬ᠎ᠠ ᠠᠯᠬᠤᠮ ᠤᠨ ᠬᠢᠨᠠᠨ ᠰᠢᠯᠭᠠᠯᠲᠠ ᠬᠢᠵᠦ᠂ ᠡᠭᠦᠨ ᠤ ᠬᠠᠮᠲᠤ ᠭᠤᠶᠤᠴᠢᠯᠠᠨ | ᠮᠡᠳᠡᠭᠦᠯᠬᠦ ᠭᠤᠣᠯ ᠴᠣᠭᠴᠠ ᠳᠤ ᠲᠤᠬᠠᠢ ᠶᠢᠨ ᠲᠠᠯᠠᠪᠠᠶ ᠶᠢᠨ ᠬᠢᠨᠠᠨ ᠪᠠᠶᠢᠴᠠᠭᠠᠯᠲᠠ ᠬᠢᠵᠦ᠂ ᠲᠡᠵᠢᠭᠡᠨ ᠦᠷᠡᠵᠢᠭᠦᠯᠬᠦ | ᠪᠡᠯᠡᠳᠬᠡᠮᠵᠢ ᠲᠥᠬᠦᠭᠡᠷᠦᠮᠵᠢ ᠶᠢᠨ ᠪᠠᠶᠢᠳᠠᠯ᠂ ᠲᠡᠵᠢᠭᠡᠵᠦ ᠪᠠᠶᠢᠭ᠎ᠠ ᠪᠠ ᠭᠠᠷᠭᠠᠵᠤ ᠪᠠᠶᠢᠭ᠎ᠠ ᠪᠠᠶᠢᠳᠠᠯ ᠢ | ᠭᠤᠣᠯᠳᠠᠯᠭ᠎ᠠ ᠲᠠᠢ ᠬᠢᠨᠠᠨ ᠪᠠᠶᠢᠴᠠᠭᠠᠵᠤ᠂ ᠡᠴᠦᠰ ᠤᠨ ᠰᠢᠯᠭᠠᠨ ᠬᠤᠷᠢᠶᠠᠭᠰᠠᠨ ᠦᠷ᠎ᠡ ᠳ᠋ᠦᠩ ᠢ ᠬᠤᠰᠢᠭᠤ | ᠰᠢᠶᠠᠨ ᠠᠴᠠ ᠳᠡᠭᠡᠭᠰᠢᠬᠢ ᠰᠣᠨᠢᠨ ᠰᠡᠳᠬᠦᠯ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ | ᠰᠦᠯᠵᠢᠶᠡᠨ ᠥᠷᠲᠡᠭᠡ ᠪᠠ ᠭᠠᠴᠠᠭ᠎ᠠ ᠲᠣᠰᠬᠤᠨ ᠤ ᠢᠯᠡ ᠨᠡᠶᠢᠲᠡᠯᠡᠬᠦ ᠪᠤᠯᠤᠩ ᠳᠤ ᠵᠡᠷᠭᠡ ᠳᠤᠨᠢ ᠢᠯᠡ ᠨᠡᠶᠢᠲᠡᠯᠡᠵᠦ᠂ | ᠢᠯᠡ ᠨᠡᠶᠢᠲᠡᠯᠡᠬᠦ ᠴᠠᠭ ᠢ 5 ᠠᠵᠢᠯᠯᠠᠬᠤ ᠡᠳᠦᠷ ᠠᠴᠠ ᠳᠤᠲᠠᠭᠤ ᠦᠭᠡᠢ ᠪᠠᠶᠢᠯᠭᠠᠬᠤ ᠬᠡᠷᠡᠭᠲᠡᠢ᠃ | ︵ᠭᠤᠷᠪᠠ︶ ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠬᠤᠰᠢᠭᠤ | ᠰᠢᠶᠠᠨ ᠤ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ ᠵᠢᠴᠢ ᠰᠢᠯᠭᠠᠨ ᠠᠪᠤᠭᠰᠠᠨ ᠦᠷ᠎ᠡ ᠳ᠋ᠦᠩ ᠳᠤ ᠳᠠᠬᠢᠨ ᠬᠢᠨᠠᠯᠲᠠ | ᠬᠢᠵᠦ᠂ ᠬᠤᠰᠢᠭᠤ ᠰᠢᠶᠠᠨ ᠨᠢᠭᠡᠪᠦᠷᠢ ᠶᠢᠨ ᠲᠠᠰᠢᠷᠠᠮ ᠳᠠᠭᠠᠤ ᠰᠤᠭᠤᠴᠢᠨ ᠪᠠᠶᠢᠴᠠᠭᠠᠭᠰᠠᠨ 30% ᠶᠢᠨ ᠮᠡᠳᠡᠭᠦᠯᠬᠦ | ᠭᠤᠣᠯ ᠴᠣᠭᠴᠠ ᠳᠤ ᠲᠤᠬᠠᠢ ᠶᠢᠨ ᠭᠠᠵᠠᠷ ᠲᠤᠨᠢ ᠳᠠᠬᠢᠨ ᠬᠢᠨᠠᠯᠲᠠ ᠬᠢᠵᠦ᠂ ᠲᠤᠬᠠᠢ ᠶᠢᠨ ᠭᠠᠵᠠᠷ ᠲᠤᠨᠢ ᠳᠠᠬᠢᠨ | ᠬᠢᠨᠠᠭᠠᠳ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠦᠭᠰᠡᠨ ᠢ ᠣᠯᠵᠤ ᠮᠡᠳᠡᠪᠡᠯ᠂ ᠲᠣᠰ ᠬᠤᠰᠢᠭᠤ ᠰᠢᠶᠠᠨ ᠤ ᠪᠣᠶ | ᠪᠦᠬᠦᠢ ᠮᠡᠳᠡᠭᠦᠯᠬᠦ ᠭᠤᠣᠯ ᠴᠣᠭᠴᠠ ᠳᠤ ᠨᠢᠭᠡᠳ ᠨᠢᠭᠡ ᠪᠠᠷ ᠲᠤᠬᠠᠢ ᠶᠢᠨ ᠭᠠᠵᠠᠷ ᠲᠤᠨᠢ ᠳᠠᠬᠢᠨ ᠬᠢᠨᠠᠯᠲᠠ ᠬᠢᠨ᠎ᠡ᠃ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠠᠴᠠ ᠡᠯ᠎ᠡ ᠠᠶᠢᠮᠠᠭ ᠬᠤᠲᠠ ᠶᠢᠨ ᠳᠡᠭᠡᠭᠰᠢ ᠮᠡᠳᠡᠭᠦᠯᠦᠭᠰᠡᠨ ᠮᠠᠲ᠋ᠧᠷᠢᠶᠠᠯ ᠵᠢᠴᠢ | ᠰᠢᠯᠭᠠᠨ ᠠᠪᠤᠭᠰᠠᠨ᠂ ᠳᠠᠬᠢᠨ ᠬᠢᠨᠠᠭᠰᠠᠨ ᠦᠷ᠎ᠡ ᠳ᠋ᠦᠩ ᠢ ᠬᠠᠷᠭᠤᠭᠤᠯᠤᠨ ᠪᠠᠶᠢᠴᠠᠭᠠᠵᠤ᠂ ᠳᠠᠩᠰᠠᠯᠠᠬᠤ ᠶᠢᠨ ᠬᠠᠮᠲᠤ᠂ | ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠬᠤ ᠪᠤᠶᠤ ᠭᠤᠷᠪᠠᠳᠠᠭᠢ ᠡᠲᠡᠭᠡᠳ ᠤᠨ ᠲᠤᠰᠬᠠᠢ ᠪᠠᠶᠢᠭᠤᠯᠤᠮᠵᠢ ᠳᠤ | ᠨᠠᠶᠢᠳᠠᠵᠤ ᠰᠤᠭᠤᠴᠢᠨ ᠪᠠᠶᠢᠴᠠᠭᠠᠯᠲᠠ ᠬᠢᠯᠭᠡᠵᠦ᠂ ᠰᠤᠭᠤᠴᠢᠨ ᠪᠠᠶᠢᠴᠠᠭᠠᠭᠰᠠᠨ ᠬᠠᠷᠢᠴᠠᠯ ᠢ 20% ᠠᠴᠠ ᠳᠣᠣᠷ᠎ᠠ | ᠪᠠᠶᠢᠯᠭᠠᠬᠤ ᠦᠭᠡᠢ ᠪᠠᠶᠢᠬᠤ ᠬᠡᠷᠡᠭᠲᠡᠢ᠃ | ᠲᠠᠪᠤ᠂ ᠬᠠᠮᠢᠶ᠎ᠠ ᠪᠦᠬᠦᠢ ᠱᠠᠭᠠᠷᠳᠠᠯᠭ᠎ᠠ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠶᠢ ᠨᠢᠭᠡᠨᠲᠡ ᠣᠯᠣᠭᠰᠠᠨ ᠵᠢᠴᠢ ᠪᠤᠰᠤᠳ | ᠠᠷᠭ᠎ᠠ ᠵᠠᠮ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠶᠢᠨ ᠲᠤᠭ᠎ᠠ ᠬᠡᠮᠵᠢᠶ᠎ᠡ ᠨᠢ ᠪᠡᠯᠡ ᠣᠷᠣᠭᠤᠯᠵᠤ | ᠲᠠᠯᠠᠪᠠᠶ ᠪᠠᠶᠢᠭᠤᠯᠬᠤ ᠪᠡᠯᠡ ᠮᠥᠩᠭᠦ ᠶᠢᠨ ᠣᠷᠣᠭᠤᠯᠤᠯᠲᠠ ᠠᠴᠠ ᠳᠠᠪᠠᠭᠰᠠᠨ ᠪᠠᠶᠢᠪᠠᠯ᠂ ᠳᠠᠭᠢᠵᠤ ᠡᠳᠦᠢ ᠲᠡᠳᠦᠢ | ᠠᠷᠭ᠎ᠠ ᠬᠡᠮᠵᠢᠶ᠎ᠡ ᠳᠤ ᠲᠣᠭᠲᠠᠭᠠᠭᠰᠠᠨ ᠭᠠᠷᠭᠠᠯᠲᠠ ᠶᠢᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠭᠤᠶᠤᠴᠢᠯᠠᠵᠤ | ᠪᠣᠯᠬᠤ ᠦᠭᠡᠢ᠃ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ᠂ ᠬᠤᠷᠰᠢᠶ᠎ᠠ᠂ ᠲᠡᠵᠢᠭᠡᠨ ᠦᠷᠡᠵᠢᠭᠦᠯᠬᠦ ᠬᠦᠷᠢᠶᠡᠯᠡᠩ | ᠲᠣᠭᠤᠷᠢᠭ ᠣᠶᠢᠷ᠎ᠠ ᠶᠢᠨ 5 ᠵᠢᠯ ᠤᠨ ᠲᠤᠷᠰᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ | ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠶᠢ ᠬᠦᠷᠲᠡᠵᠦ ᠥᠩᠭᠡᠷᠡᠭᠰᠡᠨ ᠪᠣᠯ ᠳᠠᠪᠬᠤᠷᠳᠠᠭᠤᠯᠤᠨ ᠨᠥᠬᠦᠪᠦᠷᠢᠯᠡᠵᠦ | ᠪᠣᠯᠬᠤ ᠦᠭᠡᠢ᠂ ᠰᠢᠭᠰᠢᠭᠳᠡᠭᠦᠯᠦᠭᠰᠡᠨ ᠰᠠᠭᠠᠯᠢ ᠶᠢᠨ ᠦᠨᠢᠶ᠎ᠡ ᠶᠢ ᠪᠣᠷᠳᠣᠵᠤ ᠲᠠᠷᠭᠤᠯᠠᠭᠤᠯᠬᠤ ᠳᠤ ᠨᠥᠬᠦᠪᠦᠷᠢ | ᠬᠥᠷᠳᠡᠬᠦ ᠦᠭᠡᠢ᠃ | ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠶᠢᠨ ᠬᠢᠨᠠᠯᠲᠠ ᠪᠠᠶᠢᠴᠠᠭᠠᠯᠲᠠ᠂ ᠬᠢᠨᠠᠨ ᠪᠣᠳᠣᠯᠲᠠ ᠶᠢᠨ | ᠲᠣᠭᠤᠷᠢᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠰᠤᠭᠤᠴᠢᠨ ᠪᠠᠶᠢᠴᠠᠭᠠᠵᠤ ᠳᠠᠬᠢᠨ ᠬᠢᠨᠠᠬᠤ ᠵᠡᠷᠭᠡ | ᠭᠤᠭᠴᠤᠭ᠎ᠠ ᠳᠤ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠵᠢᠴᠢ ᠰᠢᠯᠭᠠᠨ ᠠᠪᠬᠤ ᠳᠠᠭᠠᠨ ᠬᠤᠳᠠᠯ ᠬᠡᠯᠡᠵᠦ | ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ ᠵᠡᠷᠭᠡ ᠠᠷᠭ᠎ᠠ ᠪᠠᠷᠢᠯ ᠢᠶᠠᠷ | ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ ᠶᠢ ᠤᠬᠠᠭᠠᠯᠠᠨ ᠠᠪᠤᠭᠰᠠᠨ ᠪᠠᠶᠢᠳᠠᠯ ᠢ ᠣᠯᠵᠤ ᠮᠡᠳᠡᠪᠡᠯ᠂ | ᠲᠣᠭᠲᠠᠭᠠᠭᠰᠠᠨ ᠲᠠᠰ ᠳᠠᠷᠠᠭᠠᠯᠠᠯ ᠢᠶᠠᠷ ᠨᠢᠭᠡᠨᠲᠡ ᠪᠠᠭᠤᠯᠭᠠᠭᠰᠠᠨ ᠪᠡᠯᠡ ᠮᠥᠩᠭᠦ ᠶᠢ ᠬᠤᠷᠢᠶᠠᠨ ᠠᠪᠬᠤ ᠶᠢᠨ ᠬᠠᠮᠲᠤ | ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠨ᠎ᠡ᠂ | ᠲᠣᠭᠲᠠᠭᠠᠯ ᠠᠴᠠ ᠵᠥᠷᠢᠴᠡᠨ ᠭᠤᠶᠤᠴᠢᠯᠠᠨ ᠮᠡᠳᠡᠭᠦᠯᠬᠦ ᠭᠤᠣᠯ ᠴᠣᠭᠴᠠ ᠶᠢ ᠵᠡᠷᠭᠡ ᠳᠤᠨᠢ ᠮᠠᠭᠤ ᠦᠶᠯᠡ | ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ ᠣᠷᠣᠭᠤᠯᠵᠤ᠂ ᠬᠤᠶᠢᠰᠢᠳᠠ ᠶᠢᠨ ᠣᠨ ᠤ ᠭᠤᠶᠤᠴᠢᠯᠠᠨ ᠮᠡᠳᠡᠭᠦᠯᠬᠦ | ᠬᠠᠮᠢᠶ᠎ᠠ ᠪᠦᠬᠦᠢ ᠲᠠᠷᠢᠶᠠᠯᠠᠩ ᠳᠤ ᠬᠤᠯᠪᠣᠭᠳᠠᠬᠤ ᠲᠥᠷᠥᠯ ᠵᠦᠢᠯ ᠤᠨ ᠬᠢᠷᠢ ᠬᠡᠮ ᠢ ᠬᠦᠴᠦᠨ ᠦᠭᠡᠢ ᠪᠣᠯᠭᠠᠨ᠎ᠠ᠃ |