ᠮᠠᠨ ᠤ ᠣᠷᠣᠨ ᠤ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 820 ᠳ᠋ᠦᠩᠰᠢᠭᠤᠷ ᠵᠢᠩ ᠢ ᠳᠠᠪᠠᠵᠤ  ᠪᠦᠬᠦ ᠤᠯᠤᠰ ᠲᠤ ᠵᠢᠷᠭᠤᠳᠤᠭᠠᠷ ᠲᠤ ᠪᠠᠶᠢᠷᠢᠯᠠᠪᠠ
ᠨᠡᠶᠢᠲᠡᠯᠡᠭᠰᠡᠨ ᠴᠠᠭ᠄
2024/12/18
      ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳ᠋ᠠᠶᠢᠲ᠋ᠠ ᠶᠢᠨ ᠬᠠᠷᠢᠭᠤ ᠲᠤᠰᠬᠠᠯ ᠢ ᠦᠨᠳᠦᠰᠦᠯᠡᠪᠡᠯ᠂ 2024 ᠣᠨ ᠳᠤ ᠪᠥᠬᠦ ᠣᠷᠣᠨ ᠤ ᠠᠮᠤ ᠪᠤᠳᠠᠭ᠎ᠠ ᠳᠠᠷᠢᠭᠰᠠᠨ ᠲᠠᠯᠠᠪᠠᠶ 10517.7 ᠲᠦᠮᠡᠨ ᠮᠦ ᠪᠣᠯᠵᠤ᠂ ᠪᠥᠬᠦ ᠤᠯᠤᠰ ᠲᠤ ᠲᠠᠪᠤᠳᠤᠭᠠᠷ ᠲᠤ ᠪᠠᠶᠢᠷᠢᠯᠠᠵᠤ ᠪᠣᠢ︔ ᠳᠡᠭᠡᠷ᠎ᠡ ᠵᠢᠯ ᠤᠨ ᠬᠢ ᠠᠴᠠ 40.6 ᠲᠦᠮᠡᠨ ᠮᠦ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 0.39% ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠪᠦᠬᠦ ᠤᠯᠤᠰ ᠲᠤ ᠭᠤᠷᠪᠠᠳᠤᠭᠠᠷ ᠲᠤ ᠪᠠᠶᠢᠷᠢᠯᠠᠭᠰᠠᠨ ᠪᠠᠶᠢᠨ᠎ᠠ᠃ ᠭᠤᠷᠪᠠᠨ ᠶᠡᠭᠡ ᠲᠦᠷᠦᠯ ᠤᠨ ᠠᠮᠤ ᠪᠤᠳᠠᠭᠠᠨ ᠤ ᠲᠠᠷᠢᠮᠠᠯ ᠳᠤ᠂ ᠠᠮᠤ ᠪᠤᠳᠠᠭ᠎ᠠ ᠳᠠᠷᠢᠭᠰᠠᠨ ᠲᠠᠯᠠᠪᠠᠢ 8101.5 ᠲᠦᠮᠡᠨ ᠮᠦ ᠪᠠᠶᠢᠵᠤ᠂ 0.31% ᠪᠠᠷ ᠪᠠᠭᠤᠷᠠᠪᠠ︔ ᠪᠤᠷᠴᠠᠭ ᠤᠨ ᠲᠦᠷᠦᠯ ᠢ ᠳᠠᠷᠢᠭᠰᠠᠨ ᠲᠠᠯᠠᠪᠠᠢ 1974.5 1974ᠲᠦᠮᠡᠨ ᠮᠦ ᠪᠠᠶᠢᠵᠤ᠂ 0.23% ᠪᠠᠷ ᠪᠠᠭᠤᠷᠠᠪᠠ︔ ᠲᠥᠮᠥᠰᠥᠨ ᠤ ᠲᠥᠷᠥᠯ ᠢ ᠳᠠᠷᠢᠭᠰᠠᠨ ᠲᠠᠯᠠᠪᠠᠶ 441.7 ᠲᠦᠮᠡᠨ ᠮᠦ ᠪᠠᠶᠢᠵᠤ᠂ 19.05% ᠪᠠᠷ ᠨᠡᠮᠡᠭᠳᠡᠪᠡ᠃ 2024 ᠣᠨ ᠳᠠᠬᠢ ᠮᠠᠨ ᠤ ᠣᠷᠣᠨ ᠤ ᠠᠮᠤ ᠪᠤᠳᠠᠭᠠᠨ ᠤ ᠲᠠᠷᠢᠮᠠᠯ ᠤᠨ ᠨᠢᠭᠡᠴᠢ ᠶᠢᠨ ᠳᠤᠮᠳᠠᠴᠢ ᠤᠨᠠᠯᠲᠠ ᠮᠦ ᠪᠦᠷᠢ ᠳᠤ ᠪᠠᠨ 390 ᠺᠢᠯᠣᠭ᠍ᠷᠠᠮ ᠳᠤ ᠬᠦᠷᠴᠦ᠂ ᠳᠡᠭᠡᠷ᠎ᠡ ᠵᠢᠯ ᠤᠨ ᠬᠢ ᠠᠴᠠ ᠮᠦ ᠪᠦᠷᠢ ᠳᠤ ᠪᠠᠨ ᠪᠠᠷᠤᠭ 12 ᠺᠢᠯᠣᠭ᠍ᠷᠠᠮ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠨ᠂ ᠪᠥᠬᠦ ᠤᠯᠤᠰ ᠲᠤ 16 ᠳ᠋ᠤᠭᠠᠷ ᠲᠤ ᠪᠠᠶᠢᠷᠢᠯᠠᠪᠠ᠃ ᠭᠤᠷᠪᠠᠨ ᠶᠡᠭᠡ ᠲᠥᠷᠥᠯ ᠤᠨ ᠠᠮᠤ ᠪᠤᠳᠠᠭᠠᠨ ᠤ ᠲᠠᠷᠢᠮᠠᠯ ᠳᠤ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠮᠦ ᠪᠦᠷᠢ ᠳᠤ 453 ᠺᠢᠯᠣᠭ᠍ᠷᠠᠮ ᠪᠠᠶᠢᠵᠤ᠂ ᠮᠦ ᠪᠦᠷᠢ ᠳᠤ ᠪᠠᠨ ᠪᠠᠷᠤᠭ 14 ᠺᠢᠯᠣᠭ᠍ᠷᠠᠮ ᠨᠡᠮᠡᠭᠳᠡᠵᠦ᠂ 3.09% ᠪᠠᠷ ᠨᠡᠮᠡᠭᠳᠡᠪᠡ︔ ᠪᠤᠷᠴᠠᠭ ᠤᠨ ᠲᠥᠷᠥᠯ ᠤᠨ ᠲᠠᠯᠠᠪᠠᠶ ᠨᠢᠭᠡᠴᠢ ᠶᠢᠨ ᠤᠨᠠᠯᠲᠠ ᠮᠦ ᠪᠦᠷᠢ ᠳᠤ ᠪᠠᠨ 132 ᠺᠢᠯᠣᠭ᠍ᠷᠠᠮ ᠪᠠᠶᠢᠵᠤ᠂ ᠮᠦ ᠪᠦᠷᠢ ᠳᠤ ᠪᠠᠨ ᠪᠠᠷᠤᠭ 2 ᠺᠢᠯᠣᠭ᠍ᠷᠠᠮ ᠨᠡᠮᠡᠭᠳᠡᠵᠦ᠂ 1.82% ᠢᠶᠠᠷ ᠨᠡᠮᠡᠭᠳᠡᠪᠡ︔ ᠲᠥᠮᠥᠰᠥᠨ ᠤ ᠲᠥᠷᠥᠯ ︵ᠠᠮᠤ ᠪᠤᠳᠠᠭ᠎ᠠ ᠪᠠᠷ ᠨᠤᠭᠤᠯᠤᠨ ᠪᠤᠳᠤᠬᠤ ᠳᠤ︶ ᠤᠨ ᠲᠠᠯᠠᠪᠠᠢ ᠨᠢᠭᠡᠴᠢ ᠶᠢᠨ ᠤᠨᠠᠯᠲᠠ ᠮᠦ ᠪᠦᠷᠢ ᠳᠤ ᠪᠠᠨ 384 ᠺᠢᠯᠣᠭ᠍ᠷᠠᠮ ᠪᠠᠶᠢᠵᠤ᠂ ᠮᠦ ᠪᠦᠷᠢ ᠳᠤ ᠪᠠᠨ ᠪᠠᠷᠤᠭ 34 ᠺᠢᠯᠣᠭ᠍ᠷᠠᠮ ᠨᠡᠮᠡᠭᠳᠡᠵᠦ᠂ 9.6% ᠪᠠᠷ ᠨᠡᠮᠡᠭᠳᠡᠪᠡ᠃ 2024 ᠣᠨ ᠳᠤ᠂ ᠮᠠᠨ ᠤ ᠣᠷᠣᠨ ᠤ ᠠᠮᠤ ᠪᠤᠳᠠᠭᠠᠨ ᠤ ᠤᠨᠠᠯᠲᠠ 820.1 ᠳ᠋ᠦᠩᠰᠢᠭᠤᠷ ᠵᠢᠩ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠪᠡ᠃ ︵ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠢ ᠠᠩᠭᠢ︶ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号