2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ︵ᠬᠡᠷᠡᠭ︶ ᠶᠢ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/12/19
      2024 ᠣᠨ ᠳᠤ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ ᠢᠳᠡᠰᠢᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠴᠠᠭᠠᠵᠠ ᠶᠢ ᠵᠥᠷᠢᠴᠡᠵᠦ ᠡᠮ ᠤᠨ ᠦᠯᠡᠳᠡᠭᠳᠡᠯ ᠢ ᠬᠢᠵᠠᠭᠠᠷᠯᠠᠵᠤ ᠲᠡᠭᠡᠭᠰᠢᠯᠡᠯᠳᠡ ᠶᠢ ᠠᠬᠢᠭᠤᠯᠬᠤ︾ ᠭᠤᠷᠪᠠᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠠᠷᠢᠶᠠᠯᠠᠩ ᠤᠨ ᠪᠦᠲᠦᠭᠡᠭᠳᠡᠬᠦᠨ ᠤ ᠡᠮ ᠤᠨ ᠦᠯᠡᠳᠡᠭᠳᠡᠯ ᠢ ᠵᠠᠰᠠᠬᠤ ᠪᠠ ᠠᠮᠠᠯᠠᠯᠲᠠ ᠶᠢᠨ ᠪᠠᠷᠢᠮᠵᠢᠶ᠎ᠠ ᠳᠤ ᠬᠦᠷᠴᠦ ᠬᠢᠷᠢ ᠲᠡᠩᠴᠡᠭᠰᠡᠨ ᠦᠨᠡᠮᠯᠡᠯ ᠤᠨ ᠳᠦᠷᠢᠮ ᠢ ᠨᠠᠶᠢᠳᠠᠪᠤᠷᠢᠵᠢᠭᠤᠯᠬᠤ ᠵᠡᠷᠭᠡ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠤᠨ ᠵᠢᠱᠢᠶ᠎ᠡ ︵ᠬᠡᠷᠡᠭ︶ ᠶᠢ ᠪᠠᠶᠢᠴᠠᠭᠠᠨ ᠰᠢᠢᠳᠪᠦᠷᠢᠯᠡᠵᠦ᠂ ᠬᠦᠴᠦᠲᠡᠢ ᠰᠦᠷᠳᠡᠭᠦᠯᠦᠯ ᠢ ᠪᠣᠶ ᠪᠣᠯᠭᠠᠪᠠ᠃ ᠡᠳᠦᠭᠡ ᠲᠥᠯᠥᠭᠡᠯᠡᠬᠦ ᠴᠢᠨᠠᠷ ᠢᠶᠠᠷ ᠴᠢᠩᠭ᠎ᠠ ᠬᠡᠰᠡᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ︵ᠬᠡᠷᠡᠭ︶ ᠶᠢ ᠳᠣᠣᠷᠠᠬᠢ ᠮᠡᠲᠦ ᠵᠠᠷᠯᠠᠨ ᠨᠡᠶᠢᠲᠡᠯᠡᠵᠤ ᠪᠠᠶᠢᠨ᠎ᠠ᠃      ᠳᠠᠭᠠᠯᠳᠤᠭᠤᠯᠤᠯ 1      ᠳᠠᠭᠠᠯᠳᠤᠭᠤᠯᠤᠯ 2                      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                      ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                              2024 ᠣᠨ ᠤ 12 ᠰᠠᠷ᠎ᠠ ᠶᠢᠨ 18 ᠤ ᠡᠳᠦᠷ
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号