ᠤᠳᠠᠯ ᠦᠭᠡᠢ 4 ᠰᠠᠷ᠎ᠠ ᠣᠷᠴᠢᠮ ᠤᠨ ᠮᠥᠰᠥᠲᠦᠯᠭᠡ ᠶᠢᠨ ᠬᠤᠭᠤᠴᠠᠭᠠᠨ ᠳᠤ ᠣᠷᠣᠬᠤ ᠭᠡᠵᠦ ᠪᠠᠶᠢᠨ᠎ᠠ᠂ | ᠡᠨᠡ ᠦᠶ᠎ᠡ ᠳᠤ ᠴᠥᠭᠦᠷᠥᠮ ᠨᠢ ᠭᠠᠳᠠᠭᠠᠳᠤ ᠣᠷᠴᠢᠨ ᠠᠴᠠ ᠪᠦᠷᠢᠮᠦᠰᠦᠨ ᠲᠤᠰᠠᠭᠠᠷᠯᠠᠭᠳᠠᠵᠤ᠂ ᠤᠰᠤᠨ | ᠴᠣᠭᠴᠠ ᠶᠢᠨ ᠬᠤᠪᠢᠷᠠᠯᠲᠠ ᠪᠠ ᠵᠢᠭᠠᠰᠤᠨ ᠤ ᠵᠦᠢᠯ ᠤᠨ ᠠᠵᠢᠯᠯᠠᠭ᠎ᠠ ᠶᠢ ᠠᠵᠢᠭᠯᠠᠬᠤ ᠳᠤ ᠬᠦᠴᠢᠷᠲᠡᠢ᠂ ᠵᠢᠭᠠᠰᠤᠨ ᠤ | ᠠᠮᠤᠷ ᠲᠦᠪᠰᠢᠨ ᠢᠶᠠᠷ ᠡᠪᠦᠯᠵᠢᠬᠦ ᠶᠢ ᠪᠠᠲᠤᠯᠠᠬᠤ ᠶᠢᠨ ᠲᠥᠯᠥᠭᠡ᠂ ᠳᠣᠣᠷᠠᠬᠢ ᠬᠡᠳᠦᠨ ᠲᠠᠯ᠎ᠠ ᠶᠢ ᠠᠩᠬᠠᠷᠬᠤ | ᠴᠢᠬᠤᠯᠠᠲᠠᠢ᠄ | 1. ᠤᠰᠤᠨ ᠤ ᠲᠦᠪᠰᠢᠨ ᠤ ᠬᠤᠪᠢᠷᠠᠯᠲᠠ᠄ ᠡᠪᠦᠯ ᠤᠨ ᠴᠥᠭᠦᠷᠥᠮ ᠤᠨ ᠤᠰᠤᠨ ᠤ ᠲᠦᠪᠰᠢᠨ ᠢ 1.7 ︱ | 2.5 ᠮᠧᠲᠷ ᠪᠠᠶᠢᠯᠭᠠᠪᠠᠯ ᠰᠠᠶ᠋ᠢ ᠭᠦᠨ ᠤᠰᠤᠨ ᠤ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠵᠤ ᠴᠢᠳᠠᠨ᠎ᠠ᠂ ᠤᠰᠤ | ᠨᠡᠪᠴᠢᠬᠦ ᠨᠢ ᠬᠦᠨᠳᠦ ᠨᠣᠴᠢᠲᠠᠢ ᠴᠥᠭᠦᠷᠥᠮ ᠳᠤ ᠴᠠᠭ ᠲᠤᠬᠠᠢ ᠳᠤᠨᠢ ᠰᠢᠨ᠎ᠡ ᠤᠰᠤ ᠨᠡᠮᠡᠬᠦ ᠬᠡᠷᠡᠭᠲᠡᠢ᠃ | 2. ︽ᠭᠤᠣᠯ ᠢ ᠪᠢᠲᠡᠭᠦᠮᠵᠢᠯᠡᠬᠦ︾ ᠠᠴᠠ ᠡᠮᠦᠨᠡᠬᠢ ᠡᠮᠲᠦ ᠪᠣᠳᠠᠰ ᠤᠨ ᠬᠡᠷᠡᠭᠯᠡᠯᠲᠡ᠄ ᠡᠪᠦᠯ ᠤᠨ ᠤᠯᠠᠷᠢᠯ ᠳᠤ | ᠴᠥᠭᠦᠷᠥᠮ ᠳᠤ ᠮᠥᠰᠥ ᠪᠦᠷᠬᠦᠵᠦ᠂ ᠤᠰᠤᠨ ᠴᠣᠭᠴᠠ ᠶᠢ ᠠᠭᠠᠷ ᠠᠴᠠ ᠲᠤᠰᠠᠭᠠᠷᠯᠠᠳᠠᠭ᠂ ᠤᠰᠤᠨ ᠴᠣᠭᠴᠠ | ᠳᠣᠲᠣᠷᠠᠬᠢ ᠠᠭᠤᠰᠤᠭᠳᠠᠮᠠᠯ ᠬᠦᠴᠢᠯᠲᠥ᠋ᠷᠥᠭᠴᠢ ᠶᠢᠨ ᠢᠷᠡᠯᠲᠡ ᠨᠢ ᠪᠠᠷᠤᠭ ᠪᠦᠬᠦᠨ ᠢᠶᠠᠷ ᠢᠶᠠᠨ ᠵᠠᠮᠠᠭ ᠤᠨ | ᠲᠦᠷᠦᠯ ᠤᠨ ᠭᠡᠷᠡᠯ ᠤᠨ ᠨᠡᠶᠢᠯᠡᠯᠭᠡ ᠶᠢᠨ ᠦᠢᠯᠡᠳᠦᠯ ᠳᠤ ᠲᠦᠰᠢᠭᠯᠡᠨ ᠬᠦᠴᠢᠯᠲᠥ᠋ᠷᠥᠭᠴᠢ ᠡᠭᠦᠰᠬᠡᠳᠡᠭ᠃ | ᠡᠶᠢᠮᠦ ᠠᠴᠠ ᠬᠥᠯᠳᠡᠬᠦ ᠠᠴᠠ ᠬᠠᠭᠠᠰ ᠰᠠᠷ᠎ᠠ ᠶᠢᠨ ᠡᠮᠦᠨ᠎ᠡ᠂ ᠪᠥᠬᠦ ᠲᠠᠲᠠᠭᠠᠯ ᠳᠤ ᠬᠤᠷᠣᠬᠠᠢ ᠠᠯᠠᠬᠤ ᠡᠮ ᠪᠠ | ᠠᠷᠢᠭᠤᠳᠬᠠᠬᠤ ᠡᠮ ᠰᠠᠴᠤᠳᠠᠭ᠃ ᠬᠤᠷᠣᠬᠠᠢ ᠠᠯᠠᠬᠤ ᠡᠮ ᠨᠢ ᠤᠰᠤᠨ ᠳᠣᠲᠣᠷᠠᠬᠢ ᠢᠵᠠᠭᠤᠷ ᠠᠮᠢᠲᠠᠨ ᠤ ᠲᠤᠭ᠎ᠠ | ᠬᠡᠮᠵᠢᠶ᠎ᠡ ᠶᠢ ᠪᠠᠭᠠᠰᠬᠠᠵᠤ᠂ ᠬᠥᠯᠳᠡᠭᠰᠡᠨ ᠤ ᠳᠠᠷᠠᠭᠠᠬᠢ ᠤᠰᠤᠨ ᠳᠣᠲᠣᠷᠠᠬᠢ ᠠᠮᠢᠳᠤ ᠪᠣᠳᠠᠰ ᠤᠨ ᠬᠦᠴᠢᠯᠲᠥ᠋ᠷᠥᠭᠴᠢ | ᠵᠠᠷᠤᠴᠠᠭᠤᠯᠬᠤ ᠬᠡᠮᠵᠢᠶ᠎ᠡ ᠶᠢ ᠪᠠᠭᠤᠷᠠᠭᠤᠯᠤᠨ᠎ᠠ᠃ ᠠᠷᠢᠭᠤᠳᠬᠠᠬᠤ ᠡᠮ ᠨᠢ ᠴᠥᠭᠦᠷᠥᠮ ᠳᠠᠬᠢ ᠡᠪᠦᠯᠵᠢᠬᠦ ᠵᠢᠭᠠᠰᠤᠨ ᠤ | ᠲᠥᠷᠥᠯ ᠤᠨ ᠲᠣᠣᠷ ᠠᠴᠠ ᠪᠣᠯᠤᠭᠰᠠᠨ ᠰᠢᠷᠬ᠎ᠠ ᠶᠢ ᠠᠷᠢᠭᠤᠳᠬᠠᠵᠤ᠂ ᠰᠢᠷᠬᠠᠨ ᠤ ᠡᠳᠡᠭᠡᠷᠡᠯᠲᠡ ᠶᠢ ᠲᠦᠷᠭᠡᠳᠬᠡᠵᠦ᠂ | ᠤᠰᠤᠨ ᠬᠥᠭᠡᠴᠦ ᠶᠢᠨ ᠡᠪᠡᠳᠴᠢᠨ ᠡᠭᠦᠰᠬᠦ ᠶᠢ ᠰᠡᠷᠭᠡᠶᠢᠯᠡᠬᠦ ᠪᠠ ᠪᠠᠭᠠᠰᠬᠠᠨ᠎ᠠ᠃ | 3. ᠡᠪᠦᠯᠵᠢᠬᠦ ᠠᠴᠠ ᠡᠮᠦᠨᠡᠬᠢ ᠪᠣᠷᠳᠣᠭᠤᠷ ᠢ ᠬᠡᠷᠡᠭᠯᠡᠬᠦ᠄ ᠴᠥᠭᠦᠷᠥᠮ ᠤᠨ ᠪᠣᠷᠳᠣᠭᠤᠷ ᠢ ᠬᠡᠷᠡᠭᠯᠡᠬᠦ ᠳᠡᠭᠡᠨ | ᠪᠣᠳᠠᠲᠤ ᠪᠠᠶᠢᠳᠠᠯ ᠢ ᠦᠨᠳᠦᠰᠦᠯᠡᠨ ᠬᠡᠷᠡᠭᠯᠡᠬᠦ ᠬᠡᠷᠡᠭᠲᠡᠢ᠃ ᠪᠣᠷᠳᠣᠭᠤᠷ ᠣᠷᠣᠭᠤᠯᠬᠤ ᠴᠢᠬᠤᠯᠠ ᠲᠠᠢ ᠴᠥᠭᠦᠷᠥᠮ ᠤᠨ | ᠣᠯᠠᠩᠬᠢ ᠨᠢ ᠰᠢᠨ᠎ᠡ ᠪᠠᠷ ᠨᠡᠭᠡᠭᠡᠭᠰᠡᠨ ᠴᠥᠭᠦᠷᠥᠮ ᠪᠣᠯᠣᠨ᠎ᠠ᠂ ᠨᠠᠭᠤᠷ ᠤᠨ ᠢᠷᠤᠭᠠᠷ ᠤᠨ ᠯᠠᠭ ᠰᠢᠪᠠᠷ ᠨᠢ ᠨᠡᠯᠢᠶᠡᠳ | ᠪᠠᠭ᠎ᠠ ᠪᠣᠯᠬᠤᠷ᠂ ᠴᠥᠭᠦᠷᠥᠮ ᠤᠨ ᠳᠣᠲᠣᠷᠠᠬᠢ ᠰᠠᠭᠤᠷᠢ ᠪᠣᠷᠳᠣᠭᠤᠷ ᠬᠦᠷᠦᠯᠴᠡᠬᠦ ᠦᠭᠡᠢ ᠪᠠᠶᠢᠵᠤ᠂ ᠡᠨᠡ ᠦᠶ᠎ᠡ ᠳᠤ | ᠬᠥᠮᠥᠨ ᠤ ᠬᠦᠴᠦ ᠪᠠᠷ ᠪᠣᠷᠳᠣᠭᠤᠷ ᠨᠥᠬᠦᠪᠦᠷᠢᠯᠡᠬᠦ ︵ᠣᠷᠭᠠᠨᠢᠭ ᠪᠣᠷᠳᠣᠭᠤᠷ ᠢᠶᠠᠷ ᠭᠤᠣᠯ ᠪᠣᠯᠭᠠᠬᠤ︶ ᠪᠠᠷ ᠤᠰᠤᠨ | ᠴᠣᠭᠴᠠ ᠶᠢᠨ ᠪᠣᠷᠳᠣᠭᠤᠷ ᠨᠡᠮᠡᠭᠳᠡᠭᠦᠯᠵᠦ᠂ ᠡᠪᠦᠯ ᠤᠨ ᠤᠯᠠᠷᠢᠯ ᠳᠤ ᠮᠥᠰᠥ ᠪᠢᠲᠡᠭᠦᠮᠵᠢᠯᠡᠭᠰᠡᠨ ᠤ ᠳᠠᠷᠠᠭ᠎ᠠ | ᠬᠦᠴᠢᠯᠲᠥ᠋ᠷᠥᠭᠴᠢ ᠳᠤᠲᠠᠭᠳᠠᠬᠤ ᠦᠵᠡᠭᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠢ᠃ ᠬᠠᠭᠤᠴᠢᠨ | ᠴᠥᠭᠦᠷᠥᠮ ᠳᠤ ᠰᠠᠭᠤᠷᠢ ᠪᠣᠷᠳᠣᠭᠤᠷ ᠭᠦᠢᠴᠡᠳ ᠪᠠᠶᠢᠵᠤ᠂ ᠤᠰᠤᠨ ᠴᠥᠭᠦᠷᠥᠮ ᠳᠠᠬᠢ ᠬᠥᠪᠥᠮᠡᠯ ᠤᠷᠭᠤᠮᠠᠯ ᠤᠨ | ᠥᠰᠦᠯᠲᠡ ᠶᠢ ᠬᠠᠩᠭᠠᠵᠤ ᠴᠢᠳᠠᠳᠠᠭ᠂ ᠡᠶᠢᠮᠦ ᠠᠴᠠ ᠪᠣᠷᠳᠣᠭᠤᠷ ᠣᠷᠣᠭᠤᠯᠬᠤ ᠴᠢᠬᠤᠯᠠ ᠦᠭᠡᠢ᠂ ᠬᠡᠷᠪᠡ ᠬᠠᠭᠤᠴᠢᠨ | ᠴᠥᠭᠦᠷᠥᠮ ᠳᠤ ᠪᠣᠷᠳᠣᠭᠤᠷ ᠨᠥᠬᠦᠪᠦᠷᠢᠯᠡᠪᠡᠯ᠂ ᠢᠷᠡᠬᠦ ᠵᠢᠯ ᠤᠨ ᠬᠠᠪᠤᠷ ᠤᠨ ᠤᠰᠤᠨ ᠤ ᠬᠥᠭᠡᠴᠦ ᠡᠪᠡᠳᠴᠢᠨ᠂ | ᠵᠠᠯᠮᠠᠭᠠᠢ ᠶᠢᠨ ᠬᠥᠭᠡᠴᠦ ᠵᠡᠷᠭᠡ ᠡᠪᠡᠳᠴᠢᠨ ᠤ ᠡᠭᠦᠰᠬᠦ ᠨᠣᠷᠮ᠎ᠠ ᠶᠢ ᠨᠡᠮᠡᠭᠳᠡᠭᠦᠯᠦᠨ᠎ᠡ᠃ | 4. ︽ᠬᠠᠷ᠎ᠠ ᠮᠥᠰᠥ︾ ᠶᠢ ᠰᠢᠢᠳᠪᠦᠷᠢᠯᠡᠬᠦ᠄ ᠪᠣᠷᠣᠭᠠᠨ ᠴᠠᠰᠤ ᠲᠠᠢ ᠴᠠᠭ ᠠᠭᠤᠷ ᠳᠤ ᠬᠥᠯᠳᠡᠭᠰᠡᠨ | ᠮᠥᠰᠥᠨ ᠤ ᠲᠤᠩᠭᠠᠯᠠᠭ ᠤᠨ ᠬᠡᠮᠵᠢᠶ᠎ᠡ ᠨᠡᠯᠢᠶᠡᠳ ᠳᠣᠣᠷ᠎ᠠ ᠪᠠᠶᠢᠳᠠᠭ᠂ ᠶᠡᠷᠦ ᠳᠡᠭᠡᠨ ︽ᠬᠠᠷ᠎ᠠ ᠮᠥᠰᠥ︾ ᠭᠡᠳᠡᠭ᠂ ᠡᠨᠡ | ᠦᠶ᠎ᠡ ᠳᠤ ᠡᠷᠬᠡᠪᠰᠢ ᠴᠠᠭ ᠲᠤᠬᠠᠢ ᠳᠤᠨᠢ ᠰᠢᠨ᠎ᠡ ᠤᠰᠤ ᠨᠡᠮᠡᠵᠦ ᠤᠬᠢᠶᠠᠬᠤ ᠪᠤᠶᠤ ᠬᠥᠮᠥᠨ ᠤ ᠬᠦᠴᠦ ᠪᠠᠷ ᠮᠥᠰᠥ | ᠬᠠᠭᠠᠯᠵᠤ᠂ ᠲᠡᠭᠦᠨ ᠢ ᠳᠠᠬᠢᠨ ᠬᠥᠯᠳᠡᠭᠡᠬᠦ ᠬᠡᠷᠡᠭᠲᠡᠢ᠃ | 5. ᠴᠠᠰᠤ ᠱᠦᠭᠦᠷᠳᠡᠬᠦ᠄ ᠴᠠᠰᠤ ᠱᠦᠭᠦᠷᠳᠡᠬᠦ ᠳᠤ ᠴᠠᠭ ᠠᠭᠤᠷ ᠤᠨ ᠪᠠᠶᠢᠳᠠᠯ ᠢ ᠦᠵᠡᠬᠦ ᠬᠡᠷᠡᠭᠲᠡᠢ᠂ ᠬᠡᠷᠪᠡ | ᠦᠷᠭᠦᠯᠵᠢᠯᠡᠨ ᠲᠤᠩᠭᠠᠯᠠᠭ ᠡᠳᠦᠷ ᠪᠠᠶᠢᠪᠠᠯ᠂ ᠴᠠᠰᠤ ᠱᠦᠭᠦᠷᠳᠡᠬᠦ ᠲᠠᠯᠠᠪᠠᠶ ᠨᠢ 60% ᠪᠠᠶᠢᠪᠠᠯ ᠪᠣᠯᠴᠢᠬᠠᠨ᠎ᠠ᠂ ᠬᠡᠰᠡᠭ | ᠴᠠᠰᠤ ᠦᠯᠡᠳᠡᠭᠡᠵᠦ ᠰᠡᠭᠦᠳᠡᠷ ᠢ ᠬᠠᠯᠬᠠᠯᠠᠨ᠂ ᠮᠥᠰᠥᠨ ᠤ ᠳᠣᠣᠷᠠᠬᠢ ᠵᠠᠮᠠᠭ ᠤᠨ ᠲᠥᠷᠥᠯ ᠤᠨ ᠬᠡᠲᠦᠷᠬᠡᠢ | ᠦᠷᠡᠵᠢᠬᠦ ᠠᠴᠠ ᠵᠠᠶᠢᠯᠠᠰᠬᠢᠵᠦ᠂ ᠮᠥᠰᠥᠨ ᠤ ᠳᠣᠣᠷᠠᠬᠢ ᠬᠡᠢ ᠴᠥᠪᠥᠷᠢᠭᠦᠲᠦᠬᠦ ᠡᠪᠡᠳᠴᠢᠨ ᠡᠭᠦᠰᠬᠦ ᠠᠴᠠ | ᠵᠠᠶᠢᠯᠠᠰᠬᠢᠨ᠎ᠡ᠃ ᠬᠡᠷᠪᠡ ᠦᠷᠭᠦᠯᠵᠢᠯᠡᠨ ᠪᠦᠷᠬᠦᠭ ᠡᠳᠦᠷ ᠪᠠᠶᠢᠪᠠᠯ ᠴᠠᠰᠤ ᠱᠦᠭᠦᠷᠳᠡᠬᠦ ᠲᠠᠯᠠᠪᠠᠶ ᠶᠢ 80% ᠳᠤ | ᠪᠠᠶᠢᠯᠭᠠᠵᠤ᠂ ᠮᠥᠰᠥᠨ ᠳᠣᠣᠷᠠᠬᠢ ᠤᠰᠤᠨ ᠴᠣᠭᠴᠠ ᠶᠢᠨ ᠵᠠᠮᠠᠭ ᠤᠨᠠᠬᠤ ᠶᠢ ᠰᠡᠷᠭᠡᠶᠢᠯᠡᠵᠦ᠂ ᠬᠦᠴᠢᠯᠲᠥ᠋ᠷᠥᠭᠴᠢ | ᠳᠤᠲᠠᠭᠳᠠᠬᠤ ᠶᠢ ᠰᠡᠷᠭᠡᠶᠢᠯᠡᠨ᠎ᠡ᠃ | 6. ᠠᠭᠤᠰᠤᠮᠠᠯ ᠬᠦᠴᠢᠯᠲᠥ᠋ᠷᠥᠭᠴᠢ ᠶᠢ ᠬᠡᠮᠵᠢᠬᠦ᠄ ᠡᠪᠦᠯ ᠤᠨ ᠲᠤᠶᠢᠯ ᠤᠨ ᠡᠮᠦᠨ᠎ᠡ ᠬᠤᠶᠢᠨᠠᠬᠢ ᠭᠡᠷᠡᠯ ᠤᠨ | ᠲᠤᠰᠤᠯᠲᠠ ᠶᠢᠨ ᠬᠤᠭᠤᠴᠠᠭ᠎ᠠ ᠬᠠᠮᠤᠭ ᠣᠬᠤᠷ ᠬᠤᠭᠤᠴᠠᠭᠠᠨ ᠳᠤ᠂ ᠮᠥᠰᠥᠨ ᠳᠣᠣᠷᠠᠬᠢ ᠤᠰᠤᠨ ᠤ ᠭᠦᠨ ᠨᠢ 1. | 5 ᠮᠧᠲᠷ ᠠᠴᠠ ᠳᠣᠷᠣᠭᠰᠢ ᠪᠠᠶᠢᠳᠠᠭ ᠭᠦᠢᠬᠡᠨ ᠤᠰᠤᠨ ᠴᠥᠭᠦᠷᠥᠮ ᠤᠨ ᠠᠭᠤᠰᠤᠭᠳᠠᠮᠠᠯ ᠬᠦᠴᠢᠯᠲᠥ᠋ᠷᠥᠭᠴᠢ | ᠲᠦᠷᠭᠡᠨ ᠳᠣᠷᠣᠭᠰᠢᠯᠠᠵᠤ᠂ ᠦᠷᠭᠦᠯᠵᠢ 3mg/L ᠣᠷᠴᠢᠮ ᠤᠨ ᠠᠶᠤᠯ ᠦᠭᠡᠢ ᠬᠢᠵᠠᠭᠠᠷ ᠬᠡᠮᠵᠢᠭᠳᠡᠯ ᠳᠤ ᠬᠦᠷᠲᠡᠯ᠎ᠡ | ᠳᠣᠷᠣᠭᠰᠢᠯᠠᠵᠤ᠂ ᠦᠷᠭᠦᠯᠵᠢᠯᠡᠨ ᠪᠦᠷᠬᠦᠭ ᠡᠳᠦᠷ ᠴᠠᠰᠤ ᠣᠷᠣᠵᠤ᠂ ᠴᠢᠨᠠᠭᠰᠢᠯᠠᠨ 1mg/L ᠳᠤ ᠬᠦᠷᠴᠦ᠂ | ᠡᠪᠦᠯᠵᠢᠬᠦ ᠵᠢᠭᠠᠰᠤ ᠮᠥᠰᠥᠨ ᠳᠣᠣᠷ᠎ᠠ ᠬᠦᠴᠢᠯᠲᠥ᠋ᠷᠥᠭᠴᠢ ᠳᠤᠲᠠᠭᠳᠠᠨ᠎ᠠ᠃ ᠡᠶᠢᠮᠦ ᠠᠴᠠ 4 — 5 ᠡᠳᠦᠷ | ᠪᠦᠷᠢ ᠳᠤ ᠮᠥᠰᠥᠨ ᠰᠦᠪᠡ ᠪᠠᠷ ᠠᠭᠤᠰᠤᠭᠳᠠᠮᠠᠯ ᠬᠦᠴᠢᠯᠲᠥ᠋ᠷᠥᠭᠴᠢ ᠶᠢ ᠬᠡᠮᠵᠢᠨ᠎ᠡ᠃ ᠠᠭᠤᠰᠤᠭᠳᠠᠮᠠᠯ | ᠬᠦᠴᠢᠯᠲᠥ᠋ᠷᠥᠭᠴᠢ ᠳᠣᠣᠷ᠎ᠠ ᠪᠤᠶᠤ ᠬᠡᠲᠦᠷᠬᠡᠢ ᠬᠠᠨᠤᠮᠠᠯ ᠪᠠᠶᠢᠬᠤ ᠦᠶ᠎ᠡ ᠳᠤ᠂ ᠳᠠᠷᠤᠢ ᠲᠦᠷᠭᠡᠨ ᠮᠥᠰᠥ ᠬᠠᠭᠠᠯᠵᠤ | ᠬᠦᠴᠢᠯᠲᠥ᠋ᠷᠥᠭᠴᠢ ᠨᠡᠮᠡᠭᠳᠡᠭᠦᠯᠬᠦ ᠮᠠᠰᠢᠨ ᠢ ᠨᠡᠭᠡᠭᠡᠵᠦ ᠬᠦᠴᠢᠯᠲᠥ᠋ᠷᠥᠭᠴᠢ ᠨᠡᠮᠡᠭᠳᠡᠭᠦᠯᠦᠨ ᠬᠡᠢ ᠶᠢ ᠨᠢ ᠭᠠᠷᠭᠠᠨ᠎ᠠ᠃ |