ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠪᠠᠳᠤᠳᠬᠠᠵᠤ᠂ ᠴᠡᠷᠢᠭ ᠠᠴᠠ ᠬᠠᠯᠠᠭᠳᠠᠭᠰᠠᠳ ᠤᠨ ᠦᠵᠡᠯ | ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠤᠨ ᠰᠢᠯᠢᠳᠡᠭ | ᠦᠯᠢᠭᠡᠷ ᠢ ᠰᠠᠶᠢᠲᠤᠷ ᠶᠠᠷᠢᠵᠤ᠂ ᠴᠡᠷᠢᠭ ᠠᠴᠠ ᠬᠠᠯᠠᠭᠳᠠᠭᠰᠠᠳ ᠤᠨ ᠴᠤᠭ ᠵᠢᠪᠬᠤᠭ᠎ᠠ ᠶᠢ ᠰᠠᠶᠢᠳᠤᠷ ᠪᠠᠳᠠᠷᠠᠭᠤᠯᠵᠤ᠂ | ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷᠲᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ | ᠰᠡᠳᠬᠢᠯᠭᠡ ᠶᠢ ᠦᠷᠭᠦᠯᠵᠢᠯᠡᠨ ᠬᠥᠭᠵᠢᠭᠡᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ | ᠤᠯᠤᠰ ᠲᠥᠷᠥ ᠶᠢᠨ ᠠᠵᠢᠯ ᠤᠨ ᠲᠣᠪᠴᠢᠶ᠎ᠠ ᠬᠠᠮᠲᠤᠷᠠᠨ 2024 ᠣᠨ ᠤ ︽ᠬᠠᠮᠤᠭ ᠤᠨ ᠭᠤᠶᠣ ᠴᠡᠷᠢᠭ ᠠᠴᠠ | ᠬᠠᠯᠠᠭᠳᠠᠭᠰᠠᠳ︾ ᠤᠨ ᠰᠤᠷᠤᠯᠴᠠᠯᠭ᠎ᠠ ᠤᠬᠠᠭᠤᠯᠭ᠎ᠠ ᠶᠢᠨ ᠠᠵᠢᠯᠯᠠᠭ᠎ᠠ ᠶᠢ ᠨᠡᠶᠢᠲᠡᠯᠡᠵᠦ᠂ ᠦᠨᠳᠦᠰᠦᠨ ᠱᠠᠲᠤᠨ ᠤ | ᠲᠠᠨᠢᠯᠴᠠᠭᠤᠯᠭ᠎ᠠ᠂ ᠴᠢᠩᠭ᠎ᠠ ᠨᠢᠮᠪᠠᠢ ᠤᠯᠤᠰ ᠲᠥᠷᠥ ᠶᠢᠨ ᠬᠢᠨᠠᠯᠲᠠ᠂ ᠨᠠᠷᠢᠨ ᠬᠢᠨᠠᠮᠠᠭᠠᠢ ᠰᠢᠯᠭᠠᠷᠠᠭᠤᠯᠤᠯᠲᠠ ᠪᠠᠷ | ᠳᠡᠮᠵᠢᠨ᠂ ᠪᠥᠬᠦ ᠣᠷᠣᠨ ᠤ 33 ᠬᠤᠪᠢ ᠬᠥᠮᠥᠨ 2024 ᠣᠨ ᠤ ︽ᠬᠠᠮᠤᠭ ᠤᠨ ᠭᠤᠶᠣ ᠴᠡᠷᠢᠭ ᠠᠴᠠ | ᠬᠠᠯᠠᠭᠳᠠᠭᠰᠠᠳ︾ ᠤᠨ ᠢᠷᠠᠭᠤ ᠠᠯᠳᠠᠷ ᠢ ᠭᠥᠷᠳᠡᠪᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠦ᠋ ᠪᠢᠩ ᠴᠢᠤᠸᠠᠨ ᠨᠥᠬᠦᠷ ᠢᠷᠠᠭᠤ | ᠠᠯᠳᠠᠷᠲᠠᠢ ᠪᠠᠷ ᠰᠤᠩᠭᠤᠭᠳᠠᠨ ᠤᠷᠤᠪᠠ᠃ | | | | |