ᠥᠪᠥᠷ ᠮᠣᠩᠭᠤᠯ ᠤᠨ 5 ᠬᠡᠷᠡᠭ ᠤᠨ ᠵᠢᠱᠢᠶ᠎ᠡ 2024 ᠣᠨ ᠤ ᠪᠥᠬᠦ ᠤᠯᠤᠰ ᠤᠨ ᠰᠢᠷ᠎ᠠ ᠪᠤᠷᠴᠠᠭ ᠶᠡᠭᠡ ᠬᠡᠪᠴᠢᠶ᠎ᠡ ᠪᠠᠷ ᠡᠯᠪᠡᠭ ᠬᠤᠷᠢᠶᠠᠯᠲᠠ ᠣᠯᠣᠭᠰᠠᠨ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2024/12/20
      ᠣᠶᠢᠷ᠎ᠠ ᠳᠤ᠂ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠲᠥᠪ ᠠᠴᠠ 2024 ᠣᠨ ᠤ ᠪᠥᠬᠦ ᠤᠯᠤᠰ ᠤᠨ ᠰᠢᠷ᠎ᠠ ᠪᠤᠷᠴᠠᠭ ᠰᠢᠯᠢᠮᠳᠡᠭ ᠤᠨ ᠶᠡᠭᠡ ᠬᠡᠪᠴᠢᠶ᠎ᠡ ᠪᠠᠷ ᠥᠨᠳᠥᠷ ᠤᠨᠠᠯᠲᠠ ᠲᠠᠢ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠂ ᠮᠠᠨ ᠤ ᠣᠷᠣᠨ ᠤ 5 ᠬᠡᠷᠡᠭ ᠤᠨ ᠵᠢᠱᠢᠶ᠎ᠡ ᠨᠢ ᠭᠠᠭᠴᠠ ᠰᠢᠷ᠎ᠠ ᠪᠤᠷᠴᠠᠭ ᠳᠠᠷᠢᠬᠤ ᠬᠠᠪᠤᠷ ᠤᠨ ᠲᠠᠷᠢᠶᠠᠯᠠᠭ᠎ᠠ ᠶᠢᠨ ᠵᠠᠭᠪᠤᠷ ᠤᠨ ᠥᠨᠳᠥᠷ ᠤᠨᠠᠯᠲᠠ ᠲᠠᠢ ᠨᠡᠶᠢᠲᠡᠯᠢᠭ ᠬᠡᠷᠡᠭ ᠤᠨ ᠵᠢᠱᠢᠶ᠎ᠡ ᠳᠤ ᠰᠣᠩᠭᠤᠭᠳᠠᠵᠠᠢ᠂ ᠡᠭᠦᠨ ᠳᠤ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠳ᠋ᠦᠩ ᠹᠠᠩ ᠬᠤᠩ ᠲᠣᠰᠬᠤᠨ ᠤ ᠰᠢᠷ᠎ᠠ ᠪᠤᠷᠴᠠᠭ ᠤᠨ ᠥᠨᠳᠥᠷ ᠤᠨᠠᠯᠲᠠ ᠲᠠᠢ ᠨᠡᠶᠢᠲᠡᠯᠢᠭ ᠭᠠᠷᠤᠯᠲᠠ ᠶᠢᠨ ᠬᠡᠮᠵᠢᠶ᠎ᠡ 321.7 ᠺᠢᠯᠣᠭ᠍ᠷᠠᠮ ᠪᠠᠶᠢᠵᠤ᠂ ᠲᠣᠰ ᠳᠤᠭᠤᠶᠢᠯᠠᠩ ᠤᠨ ᠳᠥᠷᠪᠡᠳᠦᠭᠡᠷ ᠲᠤ ᠣᠷᠣᠵᠠᠢ᠃
1.png
      ᠭᠤᠣᠯ ᠴᠣᠭᠴᠠ ᠠᠴᠠ ᠭᠤᠶᠤᠴᠢᠯᠠᠨ ᠮᠡᠳᠡᠭᠦᠯᠵᠦ᠂ ᠬᠤᠰᠢᠭᠤ ᠰᠢᠶᠠᠨ ᠥᠪᠡᠷ ᠢᠶᠠᠨ ᠬᠡᠮᠵᠢᠵᠦ᠂ ᠥᠪᠡᠷᠲᠡᠭᠡᠨ ᠵᠠᠰᠠᠬᠤ ᠣᠷᠣᠨ ᠠᠴᠠ ᠳᠠᠬᠢᠨ ᠬᠡᠮᠵᠢᠬᠦ ᠪᠠᠷ ᠳᠠᠮᠵᠢᠭᠠᠳ᠂ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠨᠡᠶᠢᠲᠡᠯᠢᠭ ᠵᠢᠱᠢᠶ᠎ᠡ ᠲᠠᠰᠤᠷᠠᠯᠲᠠ ᠦᠭᠡᠢ ᠢᠯᠡᠷᠡᠨ ᠭᠠᠷᠴᠤ ᠪᠠᠶᠢᠨ᠎ᠠ᠂ ᠡᠭᠦᠨ ᠳᠤ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠦ᠋ ᠵᠢᠶᠠ ᠽᠢ ᠲᠣᠰᠬᠤᠨ ᠤ ᠵᠠᠭᠤᠨ ᠮᠦ ᠰᠢᠷ᠎ᠠ ᠪᠤᠷᠴᠠᠭ ᠤᠨ ᠵᠢᠱᠢᠶ᠎ᠡ ᠦᠵᠡᠭᠦᠯᠬᠦ ᠲᠠᠷᠢᠶᠠᠨ ᠳᠤ ᠰᠢᠷ᠎ᠠ ᠪᠤᠷᠴᠠᠭ ᠤᠨ ᠲᠣᠮᠣ ᠲᠠᠯᠠᠩ ᠢ ᠨᠢᠭᠲᠠ ᠳᠠᠷᠢᠵᠤ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠪᠠ ᠰᠢᠷ᠎ᠠ ᠪᠤᠷᠴᠠᠭ ᠤᠨ ᠴᠢᠨᠠᠷ ᠢ ᠳᠡᠭᠡᠭᠰᠢᠯᠡᠭᠦᠯᠦᠨ ᠠᠽᠣᠲ ᠲᠣᠭᠲᠠᠪᠤᠷᠢᠵᠢᠭᠤᠯᠬᠤ ARC ᠶᠢᠨ ᠬᠤᠯᠪᠣᠯᠳᠤᠨ ᠪᠣᠬᠢᠷᠲᠤᠯ ᠦᠭᠡᠢ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠢ ᠬᠡᠷᠡᠭᠯᠡᠵᠦ᠂ ᠪᠣᠳᠠᠲᠠᠢ ᠬᠤᠷᠢᠶᠠᠭᠰᠠᠨ ᠮᠦ ᠪᠦᠷᠢ ᠶᠢᠨ ᠤᠨᠠᠯᠲᠠ ᠨᠢ 321.7 ᠺᠢᠯᠣᠭ᠍ᠷᠠᠮ ᠳᠤ ᠬᠦᠷᠴᠦ᠂ ᠥᠪᠥᠷ ᠮᠣᠩᠭᠤᠯ ᠤᠨ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠲᠡᠮᠳᠡᠭᠯᠡᠯ ᠢ ᠳᠠᠬᠢᠨᠲᠠ ᠰᠢᠨᠡᠳᠬᠡᠪᠡ︔ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠠᠲᠠᠷ ᠬᠠᠭᠠᠯᠪᠤᠷᠢᠯᠠᠯᠲᠠ ᠶᠢᠨ ︵ᠪᠦᠯᠦᠭᠯᠡᠯ︶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠭᠠᠨ ᠾᠧ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠤᠪᠢᠶᠠᠷᠢ ᠺᠣᠮᠫᠠᠨᠢ ᠶᠢᠨ 6 ᠳ᠋ᠤᠭᠠᠷ ᠠᠩᠭᠢ ᠶᠢᠨ 9 ᠳ᠋ᠦ᠋ᠭᠡᠷ ᠨᠣᠮᠧᠷᠲᠤ ᠭᠠᠵᠠᠷ ᠤᠨ ᠵᠠᠭᠤᠨ ᠮᠦ ᠰᠢᠷ᠎ᠠ ᠪᠤᠷᠴᠠᠭ ᠤᠨ ᠵᠢᠱᠢᠶ᠎ᠡ ᠦᠵᠡᠭᠦᠯᠬᠦ ᠲᠠᠷᠢᠶᠠᠨ ᠳᠤ ᠰᠢᠷ᠎ᠠ ᠪᠤᠷᠴᠠᠭ ᠤᠨ ᠲᠣᠮᠣ ᠳᠠᠯᠠᠩ ᠥᠨᠳᠥᠷ ᠲᠠᠪᠴᠠᠩ ᠳᠠᠷᠢᠬᠤ ᠮᠡᠷᠭᠡᠵᠢᠯ ᠢ ᠬᠡᠷᠡᠭᠯᠡᠵᠦ᠂ ᠪᠣᠳᠠᠲᠠᠢ ᠬᠤᠷᠢᠶᠠᠭᠰᠠᠨ ᠮᠦ ᠪᠦᠷᠢ ᠶᠢᠨ ᠤᠨᠠᠯᠲᠠ ᠨᠢ 314.7 ᠺᠢᠯᠣᠭ᠍ᠷᠠᠮ ᠳᠤ ᠬᠦᠷᠴᠦ᠂ ᠬᠥᠯᠥᠨ ᠪᠤᠶᠢᠷ ᠬᠤᠲᠠ ᠶᠢᠨ ᠰᠢᠷ᠎ᠠ ᠪᠤᠷᠴᠠᠭ ᠤᠨ ᠥᠨᠳᠥᠷ ᠤᠨᠠᠯᠲᠠ ᠶᠢᠨ ᠲᠡᠮᠳᠡᠭᠯᠡᠯ ᠢ ᠰᠢᠨᠡᠳᠬᠡᠪᠡ︔ ᠬᠥᠯᠥᠨ ᠪᠤᠶᠢᠷ ᠬᠤᠳᠠ ᠶᠢᠨ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠬᠤᠩ ᠶᠠᠨ ᠪᠠᠯᠭᠠᠰᠤᠨ ᠤ ᠵᠦᠩ ᠴᠦ᠋ ᠯᠢᠶᠠᠩ ᠪᠸᠢ ᠹᠠᠩ ᠺᠣᠮᠫᠠᠨᠢ ᠶᠢᠨ ᠲᠠᠪᠤᠳᠤᠭᠠᠷ ᠲᠠᠯᠠᠪᠠᠢ ᠶᠢᠨ ᠮᠢᠩᠭᠠᠨ ᠮᠦ ᠰᠢᠷ᠎ᠠ ᠪᠤᠷᠴᠠᠭ ᠤᠨ ᠵᠢᠱᠢᠶ᠎ᠡ ᠦᠵᠡᠭᠦᠯᠬᠦ ᠲᠠᠷᠢᠶᠠᠨ ᠳᠤ ᠰᠢᠷ᠎ᠠ ᠪᠤᠷᠴᠠᠭ ᠤᠨ ᠲᠣᠮᠣ ᠳᠠᠯᠠᠩ ᠤᠨ ᠥᠨᠳᠥᠷ ᠲᠠᠪᠴᠠᠩ ᠳᠤ ᠲᠠᠷᠢᠬᠤ ᠮᠡᠷᠭᠡᠵᠢᠯ ᠢ ᠬᠡᠷᠡᠭᠯᠡᠵᠦ᠂ ᠪᠣᠳᠠᠲᠠᠢ ᠬᠤᠷᠢᠶᠠᠭᠰᠠᠨ ᠮᠦ ᠪᠦᠷᠢ ᠶᠢᠨ ᠤᠨᠠᠯᠲᠠ 299.6 ᠺᠢᠯᠣᠭ᠍ᠷᠠᠮ ᠳᠤ ᠬᠦᠷᠴᠡᠢ︔ ᠬᠥᠯᠥᠨ ᠪᠤᠶᠢᠷ ᠬᠤᠳᠠ ᠶᠢᠨ ᠠᠷᠤᠨ ᠬᠤᠰᠢᠭᠤᠨ ᠤ ᠬᠢᠩᠭᠠᠨ ᠪᠠᠯᠭᠠᠰᠤ ᠶᠢᠨ ᠢᠦᠢ ᠾᠧ ᠲᠣᠰᠬᠤᠨ ᠤ ᠮᠢᠩᠭᠠᠨ ᠮᠦ ᠰᠢᠷ᠎ᠠ ᠪᠤᠷᠴᠠᠭ ᠤᠨ ᠵᠢᠱᠢᠶ᠎ᠡ ᠦᠵᠡᠭᠦᠯᠬᠦ ᠲᠠᠷᠢᠶ᠎ᠠ ᠨᠢ ᠰᠢᠷ᠎ᠠ ᠪᠤᠷᠴᠠᠭ ᠤᠨ ᠲᠠᠯᠠᠩ  ᠳᠤ ᠭᠤᠷᠪᠠᠨᠲᠠ ᠲᠠᠷᠢᠬᠤ ᠮᠡᠷᠭᠡᠵᠢᠯ ᠢ ᠬᠡᠷᠡᠭᠯᠡᠵᠦ᠂ ᠪᠣᠳᠠᠲᠠᠢ ᠬᠤᠷᠢᠶᠠᠭᠰᠠᠨ ᠮᠦ ᠪᠦᠷᠢ ᠶᠢᠨ ᠤᠨᠠᠯᠲᠠ 296.9 ᠺᠢᠯᠣᠭ᠍ᠷᠠᠮ ᠳᠤ ᠬᠦᠷᠴᠡᠢ︔ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠦᠶ ᠯᠢᠦ ᠾᠧ ᠪᠠᠯᠭᠠᠰᠤᠨ ᠤ ᠶᠦᠩ ᠠᠨ ᠭᠠᠴᠠᠭ᠎ᠠ ᠶᠢᠨ ᠲᠦᠮᠡᠨ ᠮᠦ ᠰᠢᠷ᠎ᠠ ᠪᠤᠷᠴᠠᠭ ᠤᠨ ᠵᠢᠱᠢᠶ᠎ᠡ ᠦᠵᠡᠭᠦᠯᠬᠦ ᠲᠠᠷᠢᠶᠠᠨ ᠳᠤ ᠰᠢᠷ᠎ᠠ ᠪᠤᠷᠴᠠᠭ ᠤᠨ ᠲᠣᠮᠣ ᠳᠠᠯᠠᠩ ᠢ ᠨᠢᠭᠲᠠ ᠳᠠᠷᠢᠵᠤ ᠲᠣᠰᠣᠯᠠᠭᠠᠨ ᠤᠰᠤᠯᠠᠬᠤ ᠮᠡᠷᠭᠡᠵᠢᠯ ᠪᠠ ᠰᠢᠷ᠎ᠠ ᠪᠤᠷᠴᠠᠭ ᠤᠨ ᠴᠢᠨᠠᠷ ᠢ ᠳᠡᠭᠡᠭᠰᠢᠯᠡᠭᠦᠯᠦᠨ ᠠᠽᠣᠲ ᠲᠣᠭᠲᠠᠪᠤᠷᠢᠵᠢᠭᠤᠯᠬᠤ ARC ᠶᠢᠨ ᠡᠪᠴᠡᠯᠳᠦᠨ ᠪᠣᠬᠢᠷᠲᠤᠯ ᠦᠭᠡᠢ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠢ ᠬᠡᠷᠡᠭᠯᠡᠵᠦ᠂ ᠪᠣᠳᠠᠲᠠᠢ ᠬᠤᠷᠢᠶᠠᠭᠰᠠᠨ ᠮᠦ ᠪᠦᠷᠢ ᠶᠢᠨ ᠤᠨᠠᠯᠲᠠ 229.6 ᠺᠢᠯᠣᠭ᠍ᠷᠠᠮ ᠳᠤ ᠬᠥᠷᠪᠡ᠃
2.png
      2024 ᠣᠨ ᠳᠤ᠂ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠳᠠᠯᠳᠠ ᠬᠦᠴᠦᠨ ᠢ ᠭᠦᠢᠴᠡᠳ ᠠᠭᠤᠳᠠᠯᠬᠤ ᠶᠢᠨ ᠲᠤᠰᠠᠳᠠ᠂ ᠮᠠᠨ ᠤ ᠣᠷᠣᠨ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ᠂ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠠᠮᠤ ᠪᠤᠳᠠᠭ᠎ᠠ ᠶᠢ ᠨᠡᠮᠡᠭᠳᠡᠭᠦᠯᠬᠦ ᠠᠵᠢᠯᠯᠠᠭ᠎ᠠ ᠵᠡᠷᠭᠡ ᠲᠥᠷᠥᠯ ᠵᠦᠢᠯ ᠲᠠᠢ ᠤᠶᠠᠯᠳᠤᠭᠤᠯᠤᠨ᠂ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠭᠤᠣᠯ ᠳᠡᠯᠭᠡᠷᠡᠭᠦᠯᠬᠦ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠰᠠᠶᠢᠲᠤᠷ ᠠᠳᠬᠤᠵᠤ᠂ ᠨᠡᠶᠢᠲᠡᠯᠢᠭ ᠵᠢᠱᠢᠶᠡᠴᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ᠶᠢ ᠠᠬᠢᠭᠤᠯᠪᠠ᠃ ᠨᠢᠭᠡ ᠳᠤ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠵᠡᠢ᠃ ᠰᠢᠷ᠎ᠠ ᠪᠤᠷᠴᠠᠭ ᠤᠨ ᠲᠣᠮᠣ ᠳᠠᠯᠠᠩ ᠢ ᠥᠨᠳᠥᠷ ᠲᠠᠯᠪᠢᠬᠤ᠂ ᠰᠢᠷ᠎ᠠ ᠪᠤᠷᠴᠠᠭ ᠤᠨ ᠲᠣᠮᠣ ᠳᠠᠯᠠᠩ ᠢ ᠨᠢᠭᠲᠠ ᠲᠠᠷᠢᠵᠤ ᠭᠦᠢᠬᠡᠨ ᠪᠤᠯᠠᠵᠤ ᠳᠤᠰᠤᠯᠭᠠᠨ ᠤᠰᠤᠯᠠᠬᠤ ᠵᠡᠷᠭᠡ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠲᠠᠷᠢᠵᠤ ᠪᠣᠶᠢᠵᠢᠭᠤᠯᠬᠤ ᠮᠡᠷᠭᠡᠵᠢᠯ ᠢ 440 ᠲᠦᠮᠡᠨ ᠮᠦ ᠠᠴᠠ ᠳᠡᠭᠡᠭᠰᠢ ᠲᠥᠪᠯᠡᠷᠡᠭᠦᠯᠦᠨ ᠳᠡᠯᠭᠡᠷᠡᠭᠦᠯᠵᠦ᠂ ᠮᠡᠷᠭᠡᠵᠢᠯ ᠤᠨ ᠪᠦᠷᠬᠦᠴᠡ ᠶᠢᠨ ᠬᠡᠪᠴᠢᠶ᠎ᠡ ᠶᠢ ᠥᠷᠭᠡᠳᠬᠡᠬᠦ ᠪᠠᠷ ᠳᠠᠮᠵᠢᠭᠤᠯᠤᠨ᠂ ᠮᠡᠷᠭᠡᠵᠢᠯ ᠤᠨ ᠪᠣᠳᠠᠲᠠᠶᠢᠵᠢᠬᠤ ᠨᠤᠷᠮ᠎ᠠ ᠶᠢ ᠳᠡᠭᠡᠭᠰᠢᠯᠡᠭᠦᠯᠵᠦ᠂ ᠰᠢᠷ᠎ᠠ ᠪᠤᠷᠴᠠᠭ ᠤᠨ ᠶᠡᠭᠡ ᠲᠠᠯᠠᠪᠠᠢ ᠪᠠᠷ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠶᠢ ᠠᠬᠢᠭᠤᠯᠵᠠᠢ᠃ ᠬᠤᠶᠠᠷ ᠲᠤ ᠨᠡᠶᠢᠲᠡᠯᠢᠭ ᠵᠢᠱᠢᠶ᠎ᠡ ᠶᠢᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠴᠢᠩᠭᠠᠳᠬᠠᠵᠠᠢ᠃ ᠪᠥᠬᠦ ᠣᠷᠣᠨ ᠳᠤ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ 174.3 ᠲᠦᠮᠡᠨ ᠮᠦ᠂ ᠨᠡᠶᠢᠲᠡ 558 ᠵᠠᠭᠤᠨ ᠮᠦ ᠲᠠᠷᠢᠶᠠᠨ ᠭᠠᠵᠠᠷ᠂ 237 ᠮᠢᠩᠭᠠᠨ ᠮᠦ ᠳᠥᠷᠪᠡᠯᠵᠢᠨ ᠮᠧᠲᠷ ᠪᠠ 7 ᠲᠦᠮᠡᠨ ᠮᠦ ᠬᠡᠰᠡᠭ ᠢ ᠪᠦᠲᠦᠭᠡᠨ ᠪᠠᠶᠢᠭᠤᠯᠵᠤ᠂ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠪᠠᠷ ᠳᠡᠮᠵᠢᠨ᠂ ᠨᠡᠶᠢᠲᠡᠯᠢᠭ ᠵᠢᠱᠢᠶᠡᠴᠢ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠷᠬᠢᠨ ᠲᠣᠭᠤᠷᠢᠨ ᠤ ᠰᠢᠷ᠎ᠠ ᠪᠤᠷᠴᠠᠭ ᠤᠨ ᠤᠨᠠᠯᠲᠠ ᠶᠢ ᠨᠡᠮᠡᠭᠳᠡᠭᠦᠯᠬᠦ ᠶᠢ ᠨᠥᠯᠥᠭᠡᠯᠡᠨ ᠳᠠᠶᠢᠴᠢᠯᠠᠵᠠᠢ᠃ ᠭᠤᠷᠪᠠ ᠳᠤ᠂ ᠲᠤᠰᠬᠠᠢ ᠮᠡᠷᠭᠡᠵᠢᠯᠲᠡᠨ ᠤ ᠪᠦᠯᠬᠦᠮ ᠤᠨ ᠬᠠᠮᠵᠢᠯᠴᠠᠨ ᠵᠢᠯᠤᠭᠤᠳᠬᠤ ᠦᠢᠯᠡᠳᠦᠯ ᠢ ᠪᠠᠳᠠᠷᠠᠭᠤᠯᠵᠠᠢ᠃ ᠳᠡᠯᠭᠡᠷᠡᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠵᠢᠭᠠᠨ ᠰᠤᠷᠭᠠᠯᠲᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ᠲᠤᠰᠬᠠᠢ ᠮᠡᠷᠭᠡᠵᠢᠯᠲᠡᠨ ᠤ ᠵᠢᠯᠤᠭᠤᠳᠬᠤ ᠳᠤᠭᠤᠶᠢᠯᠠᠩ ᠢ ᠪᠠᠶᠢᠭᠤᠯᠵᠤ᠂ 4 ᠲᠤᠰᠬᠠᠢ ᠮᠡᠷᠭᠡᠵᠢᠯᠲᠡᠨ ᠤ ᠳᠤᠭᠤᠶᠢᠯᠠᠩ ᠬᠤᠪᠢᠶᠠᠨ ᠪᠥᠬᠦ ᠶᠠᠪᠤᠴᠠ ᠶᠢᠨ ᠮᠥᠷᠳᠡᠬᠦ ᠮᠡᠷᠭᠡᠵᠢᠯ ᠤᠨ ᠵᠢᠯᠣᠭᠤᠳᠤᠯᠭ᠎ᠠ ᠪᠠ ᠤᠬᠠᠭᠤᠯᠭ᠎ᠠ ᠪᠣᠯᠪᠠᠰᠤᠷᠠᠭᠤᠯᠤᠯ ᠢ ᠬᠠᠷᠢᠭᠤᠴᠠᠭᠤᠯᠬᠤ ᠶᠢᠨ ᠬᠠᠮᠲᠤ᠂ ᠠᠯᠪᠠᠨ ᠤ ᠰᠦᠯᠵᠢᠶ᠎ᠡ᠂ ᠨᠡᠶᠢᠲᠡ ᠶᠢᠨ ᠳ᠋ᠤᠭᠠᠷ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠷᠢᠬᠤ᠂ ᠬᠠᠮᠢᠶᠠᠷᠬᠤ ᠮᠡᠷᠭᠡᠵᠢᠯ ᠢ ᠨᠡᠶᠢᠲᠡᠯᠡᠵᠦ᠂ ᠳᠠᠷᠢᠬᠤ ᠡᠷᠦᠬᠡ ᠳᠤ ᠪᠥᠬᠦ ᠲᠠᠯ᠎ᠠ ᠪᠠᠷ ᠮᠡᠷᠭᠡᠵᠢᠯ ᠤᠨ ᠵᠢᠯᠣᠭᠤᠳᠤᠯᠭ᠎ᠠ ᠬᠠᠩᠭᠠᠵᠠᠢ᠃ ᠲᠠᠷᠠᠭᠠᠴᠢ ᠶᠢᠨ ᠠᠯᠬᠤᠮ ᠳᠤ᠂ ᠭᠤᠣᠯᠳᠠᠯᠭ᠎ᠠ ᠨᠢ ᠭᠤᠣᠯ ᠮᠡᠷᠭᠡᠵᠢᠯ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠥᠨᠳᠥᠷ ᠤᠨᠠᠯᠲᠠ ᠲᠠᠢ ᠨᠡᠶᠢᠲᠡᠯᠢᠭ ᠵᠢᠱᠢᠶ᠎ᠡ ᠶᠢ ᠶᠡᠬᠡᠪᠡᠷ ᠤᠬᠠᠭᠤᠯᠵᠤ᠂ ᠨᠡᠶᠢᠲᠡᠯᠢᠭ ᠭᠠᠷᠤᠯᠲᠠ ᠪᠠᠷ ᠲᠠᠷᠢᠶᠠᠨ ᠭᠠᠵᠠᠷ ᠤᠨ ᠭᠠᠷᠤᠯᠲᠠ ᠪᠣᠯᠭᠠᠬᠤ ᠶᠢ ᠠᠬᠢᠭᠤᠯᠤᠨ᠂ ᠶᠡᠭᠡ ᠬᠡᠪᠴᠢᠶ᠎ᠡ ᠪᠠᠷ ᠲᠡᠩᠴᠡᠭᠦᠷᠢᠲᠡᠢ ᠬᠤᠷᠢᠶᠠᠯᠲᠠ ᠨᠡᠮᠡᠭᠳᠡᠭᠦᠯᠬᠦ ᠶᠢ ᠳᠠᠶᠢᠴᠢᠯᠠᠨ᠎ᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号