ᠡᠪᠦᠯ ᠤᠨ ᠤᠯᠠᠷᠢᠯ ᠳᠤ ᠬᠦᠯᠡᠮᠵᠢ ᠳᠤ ᠭᠦᠵᠡᠯᠵᠡᠭᠡᠨ᠎ᠡ ᠶᠢ ᠲᠠᠷᠢᠵᠦ ᠪᠣᠶᠢᠵᠢᠭᠤᠯᠬᠤ ᠳᠤ ᠳᠤᠯᠠᠭᠠᠨ ᠤ ᠬᠡᠮᠵᠢᠶ᠎ᠡ  ᠨᠢ ᠵᠠᠩᠭᠢᠯᠠᠭ᠎ᠠ ᠪᠣᠯᠤᠨ᠎ᠠ
ᠨᠡᠶᠢᠲᠡᠯᠡᠭᠰᠡᠨ ᠴᠠᠭ᠄
2024/12/21
      ᠡᠪᠦᠯ ᠤᠨ ᠤᠯᠠᠷᠢᠯ ᠤᠨ ᠭᠦᠵᠡᠯᠵᠡᠭᠡᠨ᠎ᠡ ᠶᠢᠨ ᠵᠢᠮᠢᠰᠯᠡᠬᠦ ᠦᠶ᠎ᠡ ᠳᠤ ᠶᠡᠷᠦ ᠶᠢᠨ ᠡᠳᠦᠷ ᠤᠨ ᠳᠤᠮᠳᠠᠴᠢ ᠳᠤᠯᠠᠭᠠᠨ ᠤ ᠬᠡᠮᠵᠢᠶ᠎ᠡ ᠶᠢ 5 ᠼᠧᠯᠰ ᠭᠷᠡᠳᠦ᠋ᠰ ᠠᠴᠠ ᠳᠡᠭᠡᠭᠰᠢ᠂ 24 ᠼᠧᠯᠰ ᠭᠷᠡᠳᠦ᠋ᠰ ᠠᠴᠠ ᠳᠣᠷᠣᠭᠰᠢ ᠬᠢᠵᠠᠭᠠᠷᠯᠠᠨ᠎ᠠ᠃ ᠭᠦᠵᠡᠯᠵᠡᠭᠡᠨ᠎ᠡ ᠵᠢᠮᠢᠰᠯᠡᠭᠰᠡᠨ ᠤ ᠳᠠᠷᠠᠭ᠎ᠠ᠂ ᠬᠦᠯᠡᠮᠵᠢ ᠶᠢᠨ ᠡᠳᠦᠷ ᠤᠨ ᠳᠤᠯᠠᠭᠠᠨ ᠤ ᠬᠡᠮᠵᠢᠶ᠎ᠡ ᠶᠢ 20 ᠼᠧᠯᠰ ᠭᠷᠡᠳᠦ᠋ᠰ ᠠᠴᠠ 24 ᠼᠧᠯᠰ ᠤᠨ ᠭᠷᠡᠳᠦ᠋ᠰ ᠲᠤ ᠬᠢᠵᠠᠭᠠᠷᠯᠠᠵᠤ᠂ ᠰᠥᠨᠢ ᠶᠢᠨ ᠳᠤᠯᠠᠭᠠᠨ ᠤ ᠬᠡᠮᠵᠢᠶ᠎ᠡ ᠶᠢ 0 ᠼᠧᠯᠰ ᠭᠷᠡᠳᠦ᠋ᠰ ᠠᠴᠠ 15 ᠼᠧᠯᠰ ᠭᠷᠡᠳᠦ᠋ᠰ ᠲᠤ ᠬᠢᠵᠠᠭᠠᠷᠯᠠᠵᠤ᠂ ᠬᠡᠲᠦᠷᠬᠡᠢ ᠳᠣᠣᠷ᠎ᠠ ᠪᠠᠶᠢᠯᠭᠠᠵᠤ ᠪᠣᠯᠬᠤ ᠦᠭᠡᠢ᠃ ᠡᠭᠦᠯᠡ ᠲᠠᠢ᠂ ᠪᠣᠬᠢᠷ ᠮᠠᠨᠠᠨ᠂ ᠪᠦᠷᠬᠦᠭ ᠴᠠᠰᠤ ᠲᠠᠢ ᠴᠠᠭ ᠠᠭᠤᠷ ᠲᠤ ᠵᠣᠬᠢᠬᠤ ᠬᠡᠮᠵᠢᠶ᠎ᠡ ᠪᠠᠷ ᠬᠡᠷᠡᠯ ᠳᠤᠰᠬᠠᠬᠤ ᠬᠡᠷᠡᠭᠲᠡᠢ᠂ ᠬᠡᠷᠡᠯ ᠳᠤᠰᠬᠠᠬᠤ ᠴᠠᠭ ᠢ ᠣᠬᠤᠷ ᠰᠢᠭ᠋ ᠪᠠᠶᠢᠯᠭᠠᠵᠤ ᠪᠣᠯᠣᠨ᠎ᠠ᠂ ᠵᠢᠱᠢᠶᠡᠯᠡᠪᠡᠯ ᠪᠦᠷᠬᠦᠭ ᠡᠳᠦᠷ ᠲᠤ ᠡᠩ ᠤᠨ ᠴᠠᠭ ᠤᠨ ᠦᠳᠡ ᠶᠢᠨ ᠡᠮᠦᠨᠡᠬᠢ 9 ᠴᠠᠭ ᠠᠴᠠ ᠰᠡᠭᠦᠯᠡᠷ ᠬᠡᠷᠡᠯ ᠳᠤᠰᠬᠠᠵᠤ᠂ ᠣᠨᠴᠠᠭᠠᠶ ᠴᠠᠭ ᠠᠭᠤᠷ ᠲᠣᠬᠢᠶᠠᠯᠳᠤᠪᠠᠯ ᠬᠤᠶᠢᠰᠢᠯᠠᠭᠤᠯᠤᠨ᠂ ᠦᠳᠡ ᠶᠢᠨ ᠡᠮᠦᠨᠡᠬᠢ 11 ᠴᠠᠭ ᠠᠴᠠ ᠦᠳᠡ ᠶᠢᠨ ᠬᠤᠶᠢᠨᠠᠬᠢ 2 ᠴᠠᠭ ᠤᠨ ᠬᠤᠭᠤᠷᠣᠨᠳᠤ ᠳᠤᠰᠬᠠᠵᠤ᠂ ᠴᠢᠭᠢᠭ ᠤᠨ ᠬᠡᠮᠵᠢᠶ᠎ᠡ ᠶᠢ 80% ᠠᠴᠠ ᠳᠣᠷᠣᠭᠰᠢ ᠪᠠᠶᠢᠯᠭᠠᠬᠤ ᠬᠡᠷᠡᠭᠲᠡᠢ᠃      ᠭᠦᠵᠡᠯᠵᠡᠭᠡᠨ᠎ᠡ ᠤᠷᠭᠤᠬᠤ ᠶᠠᠪᠤᠴᠠ ᠳᠠᠭᠠᠨ ᠠᠮᠠᠷᠬᠠᠨ ᠵᠡᠷᠡᠮᠳᠡᠭ ᠪᠣᠯᠳᠠᠭ ᠰᠢᠯᠳᠠᠭᠠᠨ᠄ ᠨᠢᠭᠡ ᠳᠤ ᠳᠤᠯᠠᠭᠠᠨ ᠤ ᠬᠡᠮᠵᠢᠶ᠎ᠡ ᠬᠡᠲᠦᠷᠬᠡᠢ ᠳᠣᠣᠷ᠎ᠠ᠃ ᠰᠡᠷᠭᠡᠶᠢᠯᠡᠨ ᠵᠠᠰᠠᠬᠤ ᠠᠷᠭ᠎ᠠ ᠪᠣᠯ ᠬᠦᠯᠡᠮᠵᠢ ᠶᠢᠨ ᠳᠤᠯᠠᠭᠠᠨ ᠤ ᠬᠡᠮᠵᠢᠶ᠎ᠡ ᠶᠢ ᠳᠡᠩᠳᠡᠭᠦᠦ ᠳᠣᠣᠷ᠎ᠠ ᠪᠠᠶᠢᠯᠭᠠᠵᠤ ᠪᠣᠯᠬᠤ ᠦᠭᠡᠢ᠂ ᠨᠡᠩ ᠴᠤ ᠤᠷᠲᠤ ᠬᠤᠭᠤᠴᠠᠭ᠎ᠠ ᠪᠠᠷ ᠳᠣᠣᠷ᠎ᠠ ᠪᠠᠶᠢᠯᠭᠠᠵᠤ ᠪᠣᠯᠬᠤ ᠦᠭᠡᠢ᠃ ᠬᠤᠶᠠᠷ ᠲᠤ ᠲᠣᠭᠤᠰᠣ ᠬᠦᠷᠲᠡᠭᠡᠬᠦ ᠨᠢ ᠮᠠᠭᠤ᠃ ᠨᠥᠬᠦᠴᠡᠯ ᠲᠠᠢ ᠬᠦᠯᠡᠮᠵᠢ ᠳᠤ ᠪᠠᠯᠲᠤ ᠵᠥᠭᠡᠢ ᠪᠠᠷ ᠲᠣᠭᠤᠰᠣ ᠬᠦᠷᠲᠡᠭᠡᠵᠦ᠂ ᠭᠦᠵᠡᠯᠵᠡᠭᠡᠨ᠎ᠡ ᠶᠢᠨ ᠵᠢᠮᠢᠰᠯᠡᠬᠦ ᠨᠣᠷᠮ᠎ᠠ ᠶᠢ ᠳᠡᠭᠡᠭᠰᠢᠯᠡᠭᠦᠯᠵᠦ ᠪᠣᠯᠣᠨ᠎ᠠ᠃ ᠭᠤᠷᠪᠠ ᠳᠤ ᠪᠣᠷᠳᠣᠭᠤᠷ ᠤᠰᠤᠨ ᠤ ᠬᠠᠮᠢᠶᠠᠷᠤᠯᠲᠠ᠃ ᠭᠦᠵᠡᠯᠵᠡᠭᠡᠨ᠎ᠡ ᠵᠢᠮᠢᠰᠯᠡᠬᠦ ᠠᠴᠠ ᠡᠮᠦᠨ᠎ᠡ 10 ᠡᠳᠦᠷ ᠤᠨ ᠣᠷᠴᠢᠮ ᠢᠶᠠᠷ ᠠᠽᠣᠲ ᠪᠣᠷᠳᠣᠭᠤᠷ ᠢ ᠶᠡᠭᠡ ᠬᠡᠮᠵᠢᠶ᠎ᠡ ᠪᠠᠷ ᠬᠡᠷᠡᠭᠯᠡᠵᠦ ᠪᠣᠯᠬᠤ ᠦᠭᠡᠢ᠃ ᠡᠨᠡ ᠦᠶ᠎ᠡ ᠳᠤ ᠹᠣᠰᠹᠣᠷ ᠪᠣᠷᠳᠣᠭᠤᠷ ᠢᠯᠡᠭᠦᠦ ᠣᠷᠣᠭᠤᠯᠬᠤ ᠶᠢᠨ ᠬᠠᠮᠲᠤ ᠴᠡᠴᠡᠭ ᠤᠨ ᠵᠢᠮᠢᠰ ᠢ ᠰᠡᠶᠢᠷᠡᠭᠦᠯᠵᠦ᠂ ᠨᠢᠭᠡ ᠴᠡᠴᠡᠭ ᠲᠤ 7-8 ᠵᠢᠮᠢᠰ ᠦᠯᠡᠳᠡᠭᠡᠪᠡᠯ ᠪᠣᠯᠴᠢᠬᠠᠨ᠎ᠠ᠂ ᠳᠡᠩᠳᠡᠭᠦᠦ ᠠᠷᠪᠢᠨ ᠦᠯᠡᠳᠡᠭᠡᠵᠦ ᠪᠣᠯᠬᠤ ᠦᠭᠡᠢ᠂ ᠠᠷᠪᠢᠳᠪᠠᠯ ᠠᠮᠠᠷᠬᠠᠨ ᠵᠡᠷᠡᠮᠳᠡᠭ ᠪᠣᠯᠤᠨ᠎ᠠ᠃      ᠭᠦᠵᠡᠯᠵᠡᠭᠡᠨ᠎ᠡ ᠶᠢᠨ ᠦᠨᠡᠰᠦᠨ ᠬᠥᠭᠡᠴᠦ ᠪᠠ ᠴᠠᠭᠠᠨ ᠲᠣᠭᠤᠰᠣᠲᠤ ᠡᠪᠡᠳᠴᠢᠨ ᠢ ᠰᠡᠷᠭᠡᠶᠢᠯᠡᠨ ᠵᠠᠰᠠᠬᠤ ᠶᠢ ᠠᠩᠬᠠᠷᠬᠤ ᠬᠡᠷᠡᠭᠲᠡᠢ᠃ ᠦᠨᠡᠰᠦᠨ ᠬᠥᠭᠡᠴᠦ ᠶᠢᠨ ᠡᠪᠡᠳᠴᠢᠨ ᠤ ᠡᠭᠦᠰᠬᠦ ᠭᠤᠣᠯ ᠰᠢᠯᠲᠠᠭᠠᠨ ᠨᠢ ᠴᠢᠭᠢᠭ ᠤᠨ ᠬᠡᠮᠵᠢᠶ᠎ᠡ ᠨᠢ ᠬᠡᠳᠦ ᠳᠣᠣᠷ᠎ᠠ ᠪᠠᠶᠢᠳᠠᠭ ᠠᠴᠠ ᠪᠣᠯᠵᠠᠢ᠃ 80% ᠶᠢᠨ ᠳ᠋ᠸᠢᠢᠰᠧᠨ ᠮᠠᠩᠭᠠᠨ ᠴᠠᠶᠢᠷ ᠤᠨ 800 ᠳᠠᠬᠢᠨ ᠤ ᠰᠢᠩᠭᠡᠨ᠂ ᠲᠦᠷᠭᠡᠨ ᠺᠯᠢᠩ ᠵᠡᠷᠭᠡ ᠡᠮ ᠢᠶᠠᠷ ᠰᠡᠷᠭᠡᠶᠢᠯᠡᠨ ᠵᠠᠰᠠᠵᠤ ᠪᠣᠯᠣᠨ᠎ᠠ᠃ ᠡᠭᠦᠨ ᠤ ᠬᠠᠮᠲᠤ ᠡᠪᠡᠳᠴᠢᠨ ᠢ ᠰᠡᠷᠭᠡᠶᠢᠯᠡᠬᠦ ᠶᠢᠨ ᠲᠥᠯᠥᠭᠡ᠂ ᠬᠦᠯᠡᠮᠵᠢ ᠶᠢᠨ ᠳᠣᠲᠣᠷᠠᠬᠢ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ ᠶᠢ ᠠᠩᠬᠠᠷᠬᠤ ᠬᠡᠷᠡᠭᠲᠡᠢ᠃ ᠴᠠᠭᠠᠨ ᠲᠣᠭᠤᠰᠣᠲᠤ ᠡᠪᠡᠳᠴᠢᠨ ᠭᠤᠣᠯᠳᠠᠭᠤ ᠳᠤᠯᠠᠭᠠᠨ ᠤ ᠬᠡᠮᠵᠢᠶ᠎ᠡ ᠪᠠ ᠴᠢᠭᠢᠭ ᠤᠨ ᠬᠡᠮᠵᠢᠶ᠎ᠡ ᠶᠢ ᠵᠣᠬᠢᠰ ᠦᠭᠡᠢ ᠬᠢᠵᠠᠭᠠᠷᠯᠠᠭᠰᠠᠨ ᠠᠴᠠ ᠪᠣᠯᠵᠤ ᠡᠭᠦᠰᠳᠡᠭ᠂ ᠵᠣᠬᠢᠬᠤ ᠬᠡᠮᠵᠢᠶᠡᠨ ᠤ ᠬᠦᠬᠦᠷ ᠤᠨ ᠨᠤᠨᠳᠠᠭ ᠢ ᠰᠠᠪᠠᠨ ᠳᠤ ᠬᠢᠵᠦ ᠤᠲᠤᠵᠤ ᠪᠣᠯᠣᠨ᠎ᠠ᠂ ᠪᠠᠰᠠ 10% ᠶᠢᠨ ᠱᠢ ᠭᠤᠣ ᠵᠡᠷᠭᠡ ᠶᠢᠨ ᠡᠮ ᠢᠶᠠᠷ ᠰᠡᠷᠭᠡᠶᠢᠯᠡᠨ ᠵᠠᠰᠠᠵᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号