ᠲᠠᠷᠢᠶᠠᠨ ᠭᠠᠵᠠᠷ ᠤᠨ ᠬᠥᠷᠥᠰᠥ ᠶᠢ ᠰᠢᠮᠡᠵᠢᠭᠦᠯᠦᠭᠰᠡᠨ ᠪᠦᠲᠦᠮᠵᠢᠲᠠᠢ ᠬᠢᠳᠡᠯ
ᠨᠡᠶᠢᠲᠡᠯᠡᠭᠰᠡᠨ ᠴᠠᠭ᠄
2024/12/23
      ᠣᠶᠢᠷ᠎ᠠ ᠶᠢᠨ ᠡᠳᠦᠷ᠂ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ ᠴᠧᠩ ᠭᠤᠸᠠᠨ ᠪᠠᠯᠭᠠᠰᠤᠨ ᠤ ᠰᠤᠬᠠᠢ ᠲᠣᠰᠬᠤᠨ ᠳᠤ ᠰᠦᠯᠢᠶᠥᠦ ᠪᠦᠷᠬᠦᠪᠴᠢ ᠬᠤᠷᠢᠶᠠᠬᠤ ᠮᠠᠰᠢᠨ᠂ ᠪᠣᠷᠳᠣᠭᠤᠷ ᠰᠠᠴᠤᠬᠤ ᠮᠠᠰᠢᠨ᠂ ᠭᠠᠵᠠᠷ ᠬᠠᠭᠠᠯᠪᠤᠷᠢᠯᠠᠬᠤ ᠮᠠᠰᠢᠨ ᠵᠡᠷᠭᠡ ᠲᠠᠷᠢᠶᠠᠯᠠᠩ ᠤᠨ ᠮᠠᠰᠢᠨ ᠵᠡᠷᠭᠡ ᠪᠠᠷ ᠲᠠᠷᠢᠶᠠᠨ ᠭᠠᠵᠠᠷ ᠲᠤ ᠠᠵᠢᠯᠯᠠᠨ᠂ ᠦᠯᠡᠳᠡᠭᠳᠡᠯ ᠰᠦᠯᠢᠶᠥᠦ ᠪᠦᠷᠬᠦᠪᠴᠢ ᠶᠢ ᠬᠤᠷᠢᠶᠠᠨ ᠠᠪᠴᠤ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠶᠢᠨ ᠳᠠᠭᠠᠤ ᠲᠠᠷᠢᠶᠠᠨ ᠭᠠᠵᠠᠷ ᠲᠤ ᠪᠠᠺᠲ᠋ᠧᠷᠢᠲᠦ ᠪᠣᠷᠳᠣᠭᠤᠷ ᠰᠠᠴᠤᠨ᠎ᠠ᠃      ︽ᠡᠨᠡ ᠵᠢᠯ ᠪᠢᠳᠡ ᠦᠯᠡᠳᠡᠭᠳᠡᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ᠂ ᠡᠰᠢ ᠰᠦᠷᠡᠯ ᠢ ᠴᠡᠪᠡᠷᠯᠡᠬᠦ᠂ ᠲᠠᠷᠢᠶᠠᠨ ᠭᠠᠵᠠᠷ ᠢ ᠬᠠᠭᠠᠯᠪᠤᠷᠢᠯᠠᠬᠤ ᠵᠡᠷᠭᠡ ᠵᠠᠷᠤᠳᠠᠯ ᠢᠶᠠᠨ ᠮᠦ ᠪᠦᠷᠢ ᠳᠤ 50︱60 ᠲᠥᠭᠦᠷᠢᠭ ᠠᠷᠪᠢᠯᠠᠵᠠᠢ︾ ᠭᠡᠵᠦ ᠰᠤᠬᠠᠢ ᠲᠣᠰᠬᠤᠨ ᠤ ᠲᠠᠷᠢᠶᠠᠴᠢᠨ ᠴᠧᠨ ᠬᠤᠢ ᠮᠢᠩ ᠪᠠᠶᠠᠷᠯᠠᠨ ᠬᠡᠯᠡᠨ᠎ᠡ᠃      2024 ᠣᠨ ᠳᠤ ᠯᠢᠨ ᠾᠧ ᠲᠣᠭᠤᠷᠢᠭ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢᠨ ᠰᠢᠨ᠎ᠡ ᠵᠠᠭᠪᠤᠷ ᠢ ᠰᠦᠪᠡᠭᠴᠢᠯᠡᠵᠦ᠂ ᠡᠰᠢ ᠰᠦᠷᠡᠯ ᠢ ᠨᠠᠷᠢᠯᠢᠭᠵᠢᠭᠤᠯᠤᠭᠠᠳ ᠲᠠᠷᠢᠶᠠᠨ ᠳᠤ ᠪᠤᠴᠠᠭᠠᠬᠤ ᠮᠡᠷᠭᠡᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠨᠡᠶᠢᠲᠡ 820 ᠲᠦᠮᠡᠨ ᠲᠥᠭᠦᠷᠢᠭ ᠤᠨ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠡᠷᠡᠮᠡᠯᠵᠡᠨ ᠣᠯᠵᠤ᠂ ᠥᠪᠡᠷᠰᠡᠳ ᠢᠶᠠᠨ 556.5 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠤᠭᠠᠳ᠂ 4 ᠰᠢᠶᠠᠩ ᠪᠠᠯᠭᠠᠰᠤᠨ ᠳᠤ ᠲᠠᠷᠢᠮᠠᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠬᠡᠷᠡᠭᠵᠢᠭᠦᠯᠵᠡᠢ᠃ ᠲᠤᠰ ᠲᠦᠷᠦᠯ ᠵᠦᠢᠯ ᠡᠰᠢ ᠰᠦᠷᠡᠯ ᠢ ︽ᠪᠣᠷᠳᠣᠭᠤᠷ︾ ᠪᠣᠯᠭᠠᠨ ᠠᠰᠢᠭᠯᠠᠬᠤ᠂ ᠮᠠᠰᠢᠨ ᠢᠶᠠᠷ ᠭᠦᠨ ᠬᠠᠭᠠᠯᠪᠤᠷᠢᠯᠠᠵᠤ ᠡᠰᠢ ᠰᠦᠷᠡᠯ ᠢ ᠨᠠᠷᠢᠯᠢᠭᠵᠢᠭᠤᠯᠤᠨ ᠲᠠᠷᠢᠶᠠᠨ ᠳᠤ ᠪᠤᠴᠠᠭᠠᠬᠤ᠂ ᠡᠰᠢ ᠰᠦᠷᠡᠯ ᠢ ᠲᠦᠷᠭᠡᠨ ᠢᠰᠭᠡᠨ ᠪᠤᠯᠪᠠᠰᠤᠷᠠᠭᠤᠯᠬᠤ ᠵᠡᠷᠭᠡ ᠮᠡᠷᠭᠡᠵᠢᠯ ᠢ ᠳᠡᠯᠭᠡᠷᠡᠭᠦᠯᠦᠭᠡᠳ᠂ ᠡᠰᠢ ᠰᠦᠷᠡᠯ ᠢ ᠥᠨᠳᠥᠷ ᠦᠷ᠎ᠡ ᠠᠰᠢᠭᠲᠠᠢ ᠠᠰᠢᠭᠯᠠᠬᠤ ᠶᠢ ᠦᠨᠡᠨ ᠬᠦ ᠪᠠᠲᠤᠯᠠᠪᠠ᠃      ︽ᠯᠢᠨ ᠾᠧ ᠲᠣᠭᠤᠷᠢᠭ ᠡᠨᠡ ᠵᠢᠯ ᠡᠷᠳᠡᠨᠢ ᠰᠢᠰᠢ᠂ ᠨᠠᠷᠠᠨ ᠬᠤᠸᠠᠷ ᠤᠨ ᠡᠰᠢ ᠰᠦᠷᠡᠯ ᠢ ᠢᠰᠭᠡᠨ ᠪᠣᠯᠪᠠᠰᠤᠷᠠᠭᠤᠯᠤᠭᠠᠳ 5000 ᠮᠦ ᠲᠠᠷᠢᠶᠠᠨ ᠭᠠᠵᠠᠷ ᠲᠤ ᠪᠤᠴᠠᠭᠠᠬᠤ ᠪᠠᠷ ᠲᠥᠯᠥᠪᠯᠡᠵᠦ ᠪᠤᠢ᠃ ᠵᠢᠱᠢᠯᠲᠡ ᠪᠠᠷ 30 ᠲᠦᠮᠡᠨ ᠲᠥᠭᠦᠷᠢᠭ ᠣᠷᠴᠢᠮ ᠤᠨ ᠠᠵᠤ ᠠᠬᠤᠢ ᠶᠢᠨ ᠦᠷ᠎ᠡ ᠠᠰᠢᠭ ᠡᠭᠦᠳᠬᠦ ᠪᠣᠯᠣᠨ᠎ᠠ︾ ᠭᠡᠵᠦ ᠯᠢᠨ ᠾᠧ ᠲᠣᠭᠤᠷᠢᠭ ᠤᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠲᠥᠪ ᠤᠨ ᠳᠡᠳ᠋ ᠡᠷᠭᠢᠯᠡᠭᠴᠢ ᠯᠢ ᠰᠢᠶᠣᠣ ᠯᠢᠩ ᠲᠠᠨᠢᠯᠴᠠᠭᠤᠯᠤᠨ᠎ᠠ᠃      ᠣᠶᠢᠯᠠᠭᠠᠭᠰᠠᠨ ᠢᠶᠠᠷ᠂ ᠡᠰᠢ ᠰᠦᠷᠡᠯ ᠢ ᠲᠠᠷᠢᠶᠠᠨ ᠳᠤ ᠪᠤᠴᠠᠭᠠᠬᠤ ᠨᠢ ᠲᠠᠷᠢᠶᠠᠨ ᠭᠠᠵᠠᠷ ᠤᠨ ᠬᠥᠷᠥᠰᠥᠨ ᠳᠠᠬᠢ ᠬᠤᠮᠠᠬᠢ ᠪᠣᠳᠠᠰ ᠲᠤ ᠰᠢᠮ᠎ᠡ ᠲᠡᠵᠢᠭᠡᠯ ᠪᠠ ᠰᠠᠶᠢᠨ ᠰᠠᠶᠢᠬᠠᠨ ᠤᠷᠭᠤᠯᠲᠠ ᠶᠢᠨ ᠣᠷᠴᠢᠨ ᠨᠥᠬᠦᠴᠡᠯ ᠬᠠᠩᠭᠠᠵᠤ᠂ ᠡᠰᠢ ᠰᠦᠷᠡᠯ ᠳᠠᠬᠢ ᠣᠷᠭᠠᠨᠢᠭ ᠪᠣᠳᠠᠰ ᠤᠨ ᠬᠤᠪᠢᠷᠠᠯᠲᠠ ᠶᠢ ᠲᠦᠷᠭᠡᠳᠬᠡᠨ᠂ ᠬᠥᠷᠥᠰᠥᠨ ᠳᠠᠬᠢ ᠠᠽᠣᠲ᠂ ᠠᠰᠢᠭᠲᠤ ᠹᠣᠰᠹᠣᠷ᠂ ᠲᠦᠷᠭᠡᠨ ᠠᠰᠢᠭᠲᠤ ᠺᠠᠯᠢ ᠵᠡᠷᠭᠡ ᠰᠢᠮ᠎ᠡ ᠲᠡᠵᠢᠭᠡᠯ ᠤᠨ ᠠᠭᠤᠯᠤᠭᠳᠠᠴᠠ ᠶᠢ ᠨᠡᠮᠡᠭᠳᠡᠭᠦᠯᠦᠨ᠂ ᠬᠥᠷᠥᠰᠥᠨ ᠤ ᠪᠦᠲᠦᠴᠡ ᠪᠠ ᠴᠢᠳᠠᠮᠵᠢ ᠶᠢ ᠰᠠᠶᠢᠵᠢᠷᠠᠭᠤᠯᠬᠤ ᠪᠣᠯᠣᠨ᠎ᠠ᠃ ᠡᠭᠦᠨ  ᠤ ᠬᠠᠮᠲᠤ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠪᠠᠷ ᠳᠠᠮᠵᠢᠭᠤᠯᠤᠨ᠂ ᠡᠬᠢ ᠪᠠᠶᠠᠯᠢᠭᠵᠢᠭᠤᠯᠬᠤ ᠪᠠ ᠬᠤᠣᠷ ᠦᠭᠡᠶᠢᠳᠡᠭᠦᠯᠬᠦ ᠶᠢ ᠪᠡᠶᠡᠯᠡᠭᠦᠯᠵᠦ᠂ ᠲᠠᠷᠢᠶᠠᠯᠠᠩ ᠤᠨ ᠪᠣᠬᠢᠷᠳᠤᠯ ᠦᠭᠡᠢ᠂ ᠡᠷᠭᠢᠯᠲᠡᠲᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠠᠨᠳᠤᠰᠢ ᠵᠦᠭ ᠬᠥᠭᠵᠢᠬᠦ ᠶᠢ ᠠᠬᠢᠭᠤᠯᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号