ᠬᠥᠬᠡᠬᠤᠲᠠ ᠶᠢᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠶᠢᠯᠠᠯ ᠳᠤᠮᠳᠠᠳᠤ ᠤᠯᠤᠰ ᠤᠨ ᠬᠤᠲᠠ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠲᠦᠷᠦᠭᠦᠴᠦᠳ ᠤᠨ ᠦᠬᠦᠯᠡᠯ ᠤᠨ ᠲᠠᠪᠴᠠᠩ ᠳᠤ ︽ᠠᠯᠬᠤᠨ ᠣᠷᠣᠪᠠ︾
ᠨᠡᠶᠢᠲᠡᠯᠡᠭᠰᠡᠨ ᠴᠠᠭ᠄
2024/12/24
      12 ᠰᠠᠷ᠎ᠠ ᠶᠢᠨ 20 ᠤ ᠡᠳᠦᠷ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠬᠤᠲᠠ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠲᠦᠷᠦᠭᠦᠴᠦᠳ ᠤᠨ ᠦᠬᠦᠯᠡᠯ ᠤᠨ ᠲᠠᠪᠴᠠᠩ  ᠨᠢ ᠬᠥᠬᠡᠬᠤᠲᠠ ᠶᠢᠨ ᠰᠢᠶᠠᠩ ᠭᠧ ᠯᠢ ᠯᠡ ᠵᠣᠴᠢᠳ ᠤᠨ ᠪᠠᠭᠤᠳᠠᠯ ᠳᠤ ᠬᠤᠷᠠᠯᠳᠤᠪᠠ᠃ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠬᠥᠬᠡᠬᠤᠲᠠ ᠶᠢᠨ ᠪᠣᠬᠢᠷᠲᠤᠯ ᠦᠭᠡᠢ᠂ ᠣᠷᠭᠠᠨᠢᠭ ᠪᠦᠲᠦᠭᠡᠭᠳᠡᠬᠦᠨ᠂ ᠨᠠᠷᠠᠲᠤ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ 20 ᠭᠠᠷᠤᠢ ᠵᠦᠢᠯ ᠤᠨ ᠪᠦᠲᠦᠭᠡᠭᠳᠡᠬᠦᠨ ᠢ ᠠᠪᠴᠤ ︽ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠢᠲᠡᠭᠡᠮᠵᠢ ᠶᠢᠨ ᠰᠢᠯᠢᠳᠡᠭ ᠪᠦᠲᠦᠭᠡᠭᠳᠡᠬᠦᠨ ᠤ ᠣᠷᠳᠣᠨ︾ ᠳᠤ ᠣᠷᠣᠵᠤ᠂ ᠥᠪᠡᠷᠮᠢᠴᠡ ᠣᠨᠴᠠᠯᠢᠭ ᠲᠠᠢ ᠬᠥᠬᠡᠬᠤᠲᠠ ᠶᠢᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ  ᠨᠢ ᠴᠤᠭᠯᠠᠭᠠᠨ ᠳᠤ ᠣᠷᠣᠯᠴᠠᠭᠰᠠᠳ ᠤᠨ ᠠᠩᠬᠠᠷᠤᠯ ᠢ ᠶᠡᠬᠡᠳᠡ ᠲᠠᠲᠠᠵᠠᠢ᠃
1.png
       ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠢᠲᠡᠭᠡᠮᠵᠢ ᠶᠢᠨ ᠰᠢᠯᠢᠳᠡᠭ ᠪᠦᠲᠦᠭᠡᠭᠳᠡᠬᠦᠨ ᠤ ᠣᠷᠳᠣᠨ ᠨᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠪᠠ ᠴᠢᠨᠠᠷ ᠰᠠᠶᠢᠲᠠᠢ ᠪᠦᠲᠦᠭᠡᠭᠳᠡᠬᠦᠨ ᠤ ᠦᠵᠡᠭᠦᠯᠭᠡ ᠪᠠᠷ ᠳᠡᠮᠵᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠭᠦᠢᠯᠭᠡᠭᠡ ᠶᠢ ᠪᠦᠲᠦᠮᠵᠢᠲᠡᠶ ᠠᠬᠢᠭᠤᠯᠵᠤ᠂ ᠨᠠᠷᠠᠲᠤ ᠲᠡᠮᠳᠡᠭᠲᠦ ᠶᠢᠨ ᠳᠦᠷᠢ ᠲᠥᠷᠬᠦ ᠪᠠ ᠬᠡᠷᠡᠭᠯᠡᠭᠴᠢᠳ ᠤᠨ ᠢᠲᠡᠭᠡᠯ ᠢ ᠳᠡᠭᠡᠭᠰᠢᠯᠡᠭᠦᠯᠦᠨ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠨᠠᠩ ᠣᠯᠠᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠥᠬᠡᠬᠤᠲᠠ ᠠᠴᠠ ᠭᠠᠷᠭᠠᠵᠤ᠂ ᠪᠥᠬᠦ ᠤᠯᠤᠰ ᠤᠨ ᠡᠯ᠎ᠡ ᠭᠠᠵᠠᠷ ᠲᠤ ᠬᠦᠷᠴᠦ᠂ ᠠᠷᠠᠳ ᠣᠯᠠᠨ ᠤ ᠬᠤᠭᠤᠯᠠᠨ ᠰᠢᠷᠡᠭᠡᠨ ᠳᠤ ᠭᠠᠷᠭᠠᠭᠰᠠᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号