ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠡ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠴᠡᠭ ᠲᠣᠭᠲᠠᠭᠠᠨ ᠬᠠᠪᠰᠤᠷᠤᠨ ᠲᠡᠳᠬᠦᠬᠦ ᠲᠣᠰᠬᠤᠨ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/24
      12 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠡ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠴᠡᠭ ᠲᠣᠭᠲᠠᠭᠠᠨ ᠬᠠᠪᠰᠤᠷᠤᠨ ᠲᠡᠳᠬᠦᠬᠦ ᠲᠣᠰᠬᠤᠨ — ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠬᠦᠷᠢᠶᠡᠲᠦ ᠪᠠᠯᠭᠠᠰᠤᠨ ᠤ ᠳ᠋ᠠ ᠰᠢᠨ ᠳ᠋ᠢ ᠲᠣᠰᠬᠤᠨ ᠳᠤ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠵᠦ ︿ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ﹀ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃ ᠲᠠᠷᠢᠶᠠᠯᠠᠩ ᠮᠠᠯ ᠠᠵᠤ ᠠᠬᠤᠢ ᠪᠡ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠢᠩᠬᠢᠮ ᠤᠨ ᠳᠡᠳ᠋ ᠳᠠᠷᠤᠭ᠎ᠠ ᠬᠠᠶᠢᠱᠠᠨ ᠠᠵᠢᠯᠯᠠᠭ᠎ᠠ ᠳᠤ ᠣᠷᠣᠯᠴᠠᠪᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠲᠢᠩᠬᠢᠮ ᠤᠨ ᠳᠡᠳ᠋ ᠳᠠᠷᠤᠭ᠎ᠠ ᠬᠠᠶᠢᠱᠠᠨ ᠤᠯᠠᠨ ᠳᠤ ᠨᠠᠮ ᠤᠨ ᠬᠢᠴᠢᠶᠡᠯ ᠣᠷᠣᠵᠠᠢ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠵᠣᠷᠢᠭ ᠰᠠᠨᠠᠭᠠᠨ ᠤ ᠮᠥᠨ ᠴᠢᠨᠠᠷ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠦᠵᠡᠯ ᠰᠠᠨᠠᠭᠠᠨ ᠤ ᠤᠬᠠᠮᠰᠠᠷ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠬᠠᠮᠰᠠᠷ ᠠᠴᠠ ᠪᠠᠨ ᠴᠢᠩᠭᠠᠳᠬᠠᠵᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠦᠵᠡᠯ ᠰᠠᠨᠠᠭ᠎ᠠ ᠣᠶᠢᠯᠠᠭᠠᠭᠳᠠᠬᠤᠨ᠂ ᠠᠷᠭ᠎ᠠ ᠬᠡᠯᠪᠡᠷᠢ᠂ ᠰᠡᠳᠬᠢᠬᠦᠢ ᠶᠢᠨ ᠳᠠᠳᠬᠠᠯ ᠪᠠ ᠠᠵᠢᠯ ᠤᠨ ᠰᠤᠷᠲᠠᠯ ᠵᠡᠷᠭᠡ ᠲᠦᠷᠪᠡᠨ ᠴᠢᠭᠯᠡᠯ ᠤᠨ ᠬᠤᠪᠢᠷᠠᠯᠲᠠ ᠶᠢ ᠪᠡᠶᠡᠯᠡᠭᠦᠯᠵᠦ᠂ ᠢᠮᠠᠭᠲᠠ ᠠᠷᠠᠳ ᠤᠯᠠᠨ ᠤ ᠰᠡᠳᠬᠢᠯ ᠢᠶᠠᠷ ᠰᠡᠳᠬᠢᠯ ᠢᠶᠠᠨ ᠪᠣᠯᠭᠠᠵᠤ᠂ ︽ᠪᠡᠶ᠎ᠡ︾ ᠪᠠᠷ ᠢᠶᠠᠨ ᠤᠯᠠᠨ ᠲᠦᠮᠡᠨ ᠤ ᠳᠤᠮᠳᠠ ᠭᠦᠨᠵᠡᠭᠡᠶᠢᠷᠡᠬᠦ᠂ ︽ᠰᠡᠳᠬᠢᠯ︾ ᠢᠶᠠᠷ ᠢᠶᠠᠨ ᠤᠯᠠᠨ ᠲᠦᠮᠡᠨ ᠤ ᠳᠤᠮᠳᠠ ᠭᠦᠨᠵᠡᠭᠡᠶᠢᠷᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠳᠠᠷᠠᠭ᠎ᠠ ᠨᠢ᠂ ᠲᠢᠩᠬᠢᠮ ᠤᠨ ᠳᠡᠳ᠋ ᠳᠠᠷᠤᠭ᠎ᠠ ᠬᠠᠶᠢᠱᠠᠨ ᠳ᠋ᠠ ᠰᠢᠨ ᠳ᠋ᠢ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠡᠷᠬᠢᠨ ᠦᠵᠡᠵᠦ ᠲᠣᠬᠤᠨᠢᠭᠤᠯᠵᠤ᠂ ᠲᠡᠳᠡᠨ ᠤ ᠭᠡᠷ ᠪᠦᠯᠢ ᠶᠢᠨ ᠦᠢᠯᠡᠳᠪᠦᠷᠢᠯᠡᠯ᠂ ᠣᠷᠣᠯᠭ᠎ᠠ ᠶᠢᠨ ᠨᠡᠮᠡᠭᠳᠡᠯ ᠬᠠᠰᠤᠭᠳᠠᠯ᠂ ᠡᠷᠡᠭᠦᠯ ᠴᠢᠭᠢᠷᠠᠭ ᠤᠨ ᠪᠠᠶᠢᠳᠠᠯ ᠪᠣᠯᠣᠨ ᠠᠮᠢᠳᠤᠷᠠᠯ ᠤᠨ ᠵᠠᠷᠤᠯᠭ᠎ᠠ ᠵᠡᠷᠭᠡ ᠶᠢ ᠨᠠᠷᠢᠨ ᠣᠶᠢᠯᠠᠭᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ ᠵᠡᠷᠭᠡ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠦᠨᠵᠡᠭᠡᠢ ᠣᠶᠢᠯᠠᠭᠠᠪᠠ᠃      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠵᠠᠬ᠎ᠠ ᠳᠡᠯᠭᠡᠭᠦᠷ ᠬᠢᠭᠡᠳ ᠭᠠᠳᠠᠭᠠᠳᠤ ᠲᠠᠢ ᠬᠠᠮᠲᠤᠷᠠᠯᠴᠠᠬᠤ ᠭᠠᠵᠠᠷ᠂ ᠬᠠᠤᠯᠢ ᠲᠣᠭᠲᠠᠭᠠᠯ ᠤᠨ ᠭᠠᠵᠠᠷ᠂ ᠲᠥᠯᠥᠪᠯᠡᠭᠡ ᠡᠳ᠋ ᠤᠨ ᠶᠠᠪᠤᠳᠠᠯ ᠤᠨ ᠭᠠᠵᠠᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠦᠢᠯᠡᠴᠢᠯᠡᠭᠡᠨ ᠤ ᠲᠥᠪ ᠵᠡᠷᠭᠡ 9 ᠨᠠᠮ ᠤᠨ ᠡᠭᠦᠷ᠂ ᠳᠥᠷᠪᠡᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠳᠥᠷᠪᠡᠳ ᠬᠤᠰᠢᠭᠤᠨ ᠤ ᠬᠦᠷᠢᠶᠡᠲᠦ ᠪᠠᠯᠭᠠᠰᠤᠨ ᠤ ᠨᠠᠮ ᠤᠨ ᠬᠤᠷᠢᠶ᠎ᠠ᠂ ᠳᠥᠷᠪᠡᠳ ᠬᠤᠰᠢᠭᠤᠨ ᠤ ᠬᠦᠷᠢᠶᠡᠲᠦ ᠪᠠᠯᠭᠠᠰᠤᠨ ᠤ ᠳ᠋ᠠ ᠰᠢᠨ ᠳ᠋ᠢ ᠲᠣᠰᠬᠤᠨ ᠤ ᠨᠠᠮ ᠤᠨ ᠡᠭᠦᠷ ᠤᠨ ᠨᠠᠮ ᠤᠨ ᠭᠡᠰᠢᠭᠦᠨ ᠨᠥᠬᠦᠳ ᠠᠵᠢᠯᠯᠠᠭ᠎ᠠ ᠳᠤ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号