︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠶᠢᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ | ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠠᠷᠬᠠᠭᠠᠭᠰᠠᠨ ﹇2023﹈ | 257 ᠳ᠋ᠤᠭᠠᠷ ᠲᠣᠭᠠᠲᠤ︶ ᠤᠨ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠤᠰᠠᠳᠠ᠂ ︽2024 ᠣᠨ ᠤ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠶᠢᠨ ᠦᠨᠡᠯᠡᠯᠲᠡ ᠶᠢᠨ ᠠᠵᠢᠯ ᠢ | ᠥᠷᠨᠢᠭᠦᠯᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠠᠮᠢ ᠠᠬᠤᠢ ᠡᠳ᠋ ᠬᠥᠷᠥᠩᠭᠡ ᠥᠰᠥᠭ ﹇2024﹈ 10 | ᠳ᠋ᠤᠭᠠᠷ ᠲᠣᠭᠠᠲᠤ︶ ᠪᠠ ︽ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠶᠢᠨ ᠦᠨᠡᠯᠡᠯᠲᠡ ᠶᠢᠨ ᠮᠡᠷᠭᠡᠵᠢᠯ ᠤᠨ | ᠵᠢᠷᠤᠮᠵᠢᠯ︾ ︵NY/T3667︱2020︶ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠶᠢ | ᠦᠨᠳᠦᠰᠦᠯᠡᠨ᠂ ᠮᠠᠨ ᠤ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ 2024 ᠣᠨ ᠤ ᠥᠪᠥᠷ | ᠮᠣᠩᠭᠤᠯ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠶᠢ ᠦᠨᠡᠯᠡᠨ ᠮᠡᠳᠡᠭᠦᠯᠬᠦ ᠠᠵᠢᠯ ᠢ ᠥᠷᠨᠢᠭᠦᠯᠵᠦ᠂ ᠰᠠᠶᠢᠨ | ᠳᠤᠷ᠎ᠠ ᠠᠴᠠ ᠪᠠᠨ ᠮᠡᠳᠡᠭᠦᠯᠬᠦ᠂ ᠲᠤᠰᠬᠠᠢ ᠮᠡᠷᠭᠡᠵᠢᠯᠲᠡᠨ ᠤ ᠲᠠᠨᠢᠯᠴᠠᠭᠤᠯᠬᠤ᠂ ᠲᠤᠬᠠᠢ ᠶᠢᠨ ᠲᠠᠯᠠᠪᠤᠷ ᠤᠨ ᠰᠣᠯᠢᠯᠴᠠᠬᠤ | ᠵᠡᠷᠭᠡ ᠲᠠᠰ ᠳᠠᠷᠠᠭᠠᠯᠠᠯ ᠢᠶᠠᠷ ᠳᠡᠮᠵᠢᠨ᠂ 33 ᠵᠠᠬ᠎ᠠ ᠳᠡᠯᠭᠡᠭᠦᠷ ᠤᠨ ᠭᠤᠣᠯ ᠴᠣᠭᠴᠠ ︵ᠳᠠᠭᠠᠯᠳᠤᠭᠤᠯᠤᠯ ᠳᠤ | ᠦᠵᠡᠭᠡᠷᠡᠢ︶ ᠶᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ ᠶᠢᠨ ᠪᠠᠷᠢᠮᠵᠢᠶ᠎ᠠ ᠪᠠᠷ | ᠪᠣᠶᠢᠵᠢᠭᠤᠯᠬᠤ ᠪᠠᠷ ᠲᠣᠭᠲᠠᠪᠠ᠂ ᠬᠦᠴᠦᠨ ᠲᠠᠢ ᠬᠤᠭᠤᠴᠠᠭ᠎ᠠ ᠨᠢ 3 ᠵᠢᠯ ᠪᠣᠯᠤᠨ᠎ᠠ᠂ ᠡᠳᠦᠭᠡ ᠵᠠᠷᠯᠠᠨ ᠨᠡᠶᠢᠲᠡᠯᠡᠵᠦ | ᠪᠠᠶᠢᠨ᠎ᠠ᠃ | ᠵᠠᠷᠯᠠᠨ ᠨᠡᠶᠢᠲᠡᠯᠡᠭᠰᠡᠨ ᠬᠤᠭᠤᠴᠠᠭ᠎ᠠ᠄ 2024 ᠣᠨ ᠤ 12 ᠰᠠᠷ᠎ᠠ ᠶᠢᠨ 25 ᠤ ᠡᠳᠦᠷ︱31 ᠤ ᠡᠳᠦᠷ | ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠪᠣᠯᠲᠠᠯ᠎ᠠ | ᠬᠠᠷᠢᠯᠴᠠᠬᠤ ᠬᠥᠮᠥᠨ᠄ ᠹᠧᠩ ᡁᠢ ᠭᠦᠸᠧ᠂ ᠯᠢ ᠴᠦᠨ ᠶᠠᠨ | ᠬᠠᠷᠢᠯᠴᠠᠬᠤ ᠤᠲᠠᠰᠤ᠄ 0471-6652331 | | ᠳᠠᠭᠠᠯᠳᠤᠭᠤᠯᠤᠯ᠄ 2024 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢ ᠠᠬᠤᠢ ᠶᠢᠨ | ᠲᠠᠷᠢᠶᠠᠯᠠᠩ ᠤᠨ ᠲᠠᠯᠠᠪᠠᠶ ᠶᠢᠨ ᠨᠡᠷᠡᠶᠢᠳᠦᠯ ᠣᠯᠭᠤᠬᠤ ᠪᠠᠷ ᠪᠠᠶᠢᠭ᠎ᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠨᠡᠷᠡᠰ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | 2024 ᠣᠨ ᠤ 12 ᠰᠠᠷ᠎ᠠ ᠶᠢᠨ 25 ᠤ ᠡᠳᠦᠷ | |