︽ᠲᠥᠬᠦᠭᠡᠷᠦᠮᠵᠢᠲᠦ ᠲᠠᠷᠢᠶᠠᠯᠠᠩ ᠤᠨ ᠬᠡᠪᠴᠢᠶᠡᠵᠢᠭᠦᠯᠦᠨ ᠬᠥᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠶᠢᠨ ᠲᠤᠬᠠᠢ ᠬᠡᠷᠡᠭᠵᠢᠭᠦᠯᠬᠦ ᠨᠠᠷᠢᠨ ᠳᠦᠷᠢᠮ ︵2024 ᠣᠨ ᠤ ᠬᠡᠪᠯᠡᠯ︶︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ︵ᠨᠢᠭᠡ︶ — ᠡᠵᠡᠩᠨᠡᠯᠲᠡ ᠶᠢᠨ ᠪᠡᠶᠡᠴᠢ ᠴᠣᠭᠴᠠ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠳᠡᠮᠵᠢᠨ᠎ᠡ
ᠨᠡᠶᠢᠲᠡᠯᠡᠭᠰᠡᠨ ᠴᠠᠭ᠄
2024/12/25
      ᠨᠢᠭᠡ᠂ ᠱᠠᠩᠨᠠᠵᠤ ᠨᠥᠬᠦᠪᠦᠷᠢᠯᠡᠬᠦ ᠡᠲᠡᠭᠡᠳ      ᠳᠠᠩᠰᠠᠯᠠᠭᠤᠯᠤᠨ ᠪᠦᠷᠢᠳᠬᠡᠭᠦᠯᠦᠭᠰᠡᠨ ᠭᠠᠵᠠᠷ ᠪᠣᠯᠣᠨ ᠭᠠᠶᠢᠯᠢ ᠶᠢᠨ ᠶᠠᠪᠤᠳᠠᠯ ᠤᠨ ᠲᠠᠲᠠᠪᠤᠷᠢᠯᠠᠨ ᠬᠠᠮᠢᠶᠠᠷᠬᠤ ᠬᠠᠷᠢᠴᠠᠭ᠎ᠠ ᠵᠢᠴᠢ ᠪᠦᠷᠢᠳᠬᠡᠬᠦ ᠬᠠᠷᠢᠴᠠᠭ᠎ᠠ ᠨᠢ ᠴᠥᠮ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠪᠠᠶᠢᠬᠤ᠂ ᠲᠥᠬᠦᠭᠡᠷᠦᠮᠵᠢᠲᠦ ᠲᠠᠷᠢᠶᠠᠯᠠᠩ ᠤᠨ ᠦᠢᠯᠡᠳᠪᠦᠷᠢᠯᠡᠯ ᠪᠠ ᠡᠵᠡᠩᠨᠡᠯᠲᠡ ᠶᠢ ᠡᠷᠭᠢᠯᠡᠵᠦ ᠪᠠᠶᠢᠭ᠎ᠠ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠮᠠᠯ ᠤᠨ ᠲᠣᠮᠣ ᠡᠷᠦᠬᠡ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ᠂ ᠲᠠᠷᠢᠶᠠᠯᠠᠩ ᠤᠨ ᠠᠵᠤ ᠠᠬᠤᠶᠢᠯᠠᠯ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠵᠡᠷᠭᠡ᠃      ᠱᠠᠩᠨᠠᠵᠤ ᠨᠥᠬᠦᠪᠦᠷᠢᠯᠡᠬᠦ ᠨᠥᠬᠦᠴᠡᠯ ᠳᠤ ᠨᠡᠶᠢᠴᠡᠬᠦ ᠡᠲᠡᠭᠡᠳ ᠨᠢ ᠨᠢᠭᠡ ᠪᠠᠶᠢᠵᠤ ᠪᠣᠯᠣᠨ᠎ᠠ᠂ ᠪᠠᠰᠠ ᠤᠯᠠᠨ ᠭᠤᠣᠯ ᠴᠣᠭᠴᠠ ᠪᠠᠷ ᠪᠦᠷᠢᠯᠳᠦᠭᠰᠡᠨ ᠬᠤᠯᠪᠣᠭᠠᠲᠤ ᠴᠣᠭᠴᠠ ᠪᠠᠶᠢᠵᠤ ᠪᠣᠯᠣᠨ᠎ᠠ᠃      ᠬᠤᠶᠠᠷ᠂ ᠱᠠᠩᠨᠠᠵᠤ ᠨᠥᠬᠦᠪᠦᠷᠢᠯᠡᠬᠦ ᠠᠷᠭ᠎ᠠ ᠬᠡᠯᠪᠡᠷᠢ       ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠠᠷᠭ᠎ᠠ ᠬᠡᠯᠪᠡᠷᠢ ᠶᠢ ᠠᠪᠴᠤ ᠪᠠᠶᠢᠭᠠᠳ ᠬᠡᠪᠴᠢᠶᠡᠵᠢᠭᠦᠯᠦᠨ ᠬᠥᠭᠵᠢᠭᠦᠯᠬᠦ ᠶᠢ ᠳᠡᠮᠵᠢᠨ᠎ᠡ᠃      ᠭᠤᠷᠪᠠ᠂ ᠰᠢᠯᠭᠠᠨ ᠠᠪᠬᠤ ᠪᠠ ᠱᠠᠩᠨᠠᠵᠤ ᠲᠤᠰᠠᠯᠠᠬᠤ ᠪᠠᠷᠢᠮᠵᠢᠶ᠎ᠠ      1. ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠬᠦ ᠡᠩ ᠤᠨ ᠨᠡᠷᠡᠨ ᠬᠡᠷᠡᠯ ᠤᠨ ᠬᠦᠯᠡᠮᠵᠢ        ᠰᠢᠨ᠎ᠡ ᠪᠠᠷ ᠪᠠᠶᠢᠭᠤᠯᠤᠭᠰᠠᠨ ᠡᠩ ᠤᠨ ᠨᠡᠷᠡᠨ ᠤ ᠭᠡᠷᠡᠯ ᠤᠨ ᠬᠦᠯᠡᠮᠵᠢ ᠶᠢ GB/T51424-2022 ᠠᠴᠠ ᠳᠣᠣᠷ᠎ᠠ ᠦᠭᠡᠢ ᠪᠠᠶᠢᠯᠭᠠᠬᠤ ᠲᠣᠭᠲᠠᠭᠠᠯ ᠶᠣᠰᠣᠭᠠᠷ ᠬᠡᠷᠡᠭᠵᠢᠭᠦᠯᠵᠦ᠂ ᠡᠩ ᠤᠨ ᠨᠡᠷᠡᠨ ᠤ ᠭᠡᠷᠡᠯ ᠤᠨ ᠬᠦᠯᠡᠮᠵᠢ ᠶᠢᠨ ᠨᠢᠷᠤᠭᠤ ᠶᠢᠨ ᠥᠨᠳᠥᠷ ᠢ 4 ᠮᠧᠲᠷ ᠠᠴᠠ ᠳᠣᠣᠷ᠎ᠠ ᠦᠭᠡᠢ ᠪᠠᠶᠢᠯᠭᠠᠵᠤ᠂ ᠠᠯᠭᠠᠰᠠᠯ ᠢ 8 ᠮᠧᠲᠷ ᠠᠴᠠ ᠪᠠᠭ᠎ᠠ ᠦᠭᠡᠢ ᠪᠠᠶᠢᠯᠭᠠᠵᠤ᠂ ᠢᠵᠢ ᠪᠦᠷᠢᠳᠦᠭᠦᠯᠦᠭᠰᠡᠨ ᠲᠥᠬᠦᠭᠡᠷᠦᠮᠵᠢ ᠨᠢ ᠪᠦᠷᠢᠨ ᠭᠦᠢᠴᠡᠳ᠂ ᠫᠧᠩ ᠤᠨ ᠳᠣᠲᠣᠷᠠᠬᠢ ᠠᠵᠤ ᠠᠬᠤᠢ ᠶᠢᠨ ᠲᠠᠷᠢᠮᠠᠯ ᠤᠨ ᠦᠶᠡᠯᠡᠯ ᠤᠨ ᠬᠤᠭᠤᠴᠠᠭ᠎ᠠ ︵ᠵᠢᠯ ᠤᠨ ᠲᠥᠷᠪᠡᠨᠤᠯᠠᠷᠢᠯ︶ ᠶᠢᠨ ᠦᠢᠯᠡᠳᠪᠦᠷᠢᠯᠡᠬᠦ ᠲᠠᠷᠢᠬᠤ ᠶᠢ ᠬᠠᠩᠭᠠᠵᠤ ᠳᠡᠶᠢᠯᠬᠦ ᠬᠡᠷᠡᠭᠲᠡᠢ᠃ ᠰᠢᠨ᠎ᠡ ᠪᠠᠷ ᠪᠠᠶᠢᠭᠤᠯᠤᠭᠰᠠᠨ ᠡᠩ ᠤᠨ ᠨᠡᠷᠡᠨ ᠬᠡᠷᠡᠯ ᠤᠨ ᠬᠦᠯᠡᠮᠵᠢ ᠶᠢᠨ ᠲᠥᠪᠯᠡᠷᠡᠨ ᠵᠠᠯᠭᠠᠯᠳᠤᠭᠰᠠᠨ ᠬᠡᠪᠴᠢᠶ᠎ᠡ ᠶᠢ 500 ᠮᠦ ᠠᠴᠠ ᠳᠡᠭᠡᠭᠰᠢ ︵500 ᠮᠦ ᠶᠢ ᠪᠠᠭᠲᠠᠭᠠᠨ᠎ᠠ︶ ᠳᠤ ᠬᠦᠷᠦᠭᠦᠯᠵᠦ᠂ ᠰᠢᠨ᠎ᠡ ᠪᠠᠷ ᠪᠠᠶᠢᠭᠤᠯᠤᠭᠰᠠᠨ ᠡᠩ ᠤᠨ ᠨᠡᠷᠡᠨ ᠬᠡᠷᠡᠯ ᠤᠨ ᠬᠦᠯᠡᠮᠵᠢ ᠶᠢᠨ ᠮᠦ ᠪᠦᠷᠢ ᠳᠤ 20000 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃      ᠬᠠᠭᠤᠴᠢᠷᠠᠭᠰᠠᠨ ᠡᠩ ᠤᠨ ᠨᠡᠷᠡᠨ ᠬᠡᠷᠡᠯ ᠤᠨ ᠬᠦᠯᠡᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠳᠤ᠂ ᠰᠢᠨ᠎ᠡ ᠪᠠᠷ ᠪᠠᠶᠢᠭᠤᠯᠤᠭᠰᠠᠨ ᠡᠩ ᠤᠨ ᠨᠡᠷᠡᠨ ᠬᠡᠷᠡᠯ ᠤᠨ ᠬᠦᠯᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠱᠠᠩᠨᠠᠨ ᠨᠥᠬᠦᠪᠦᠷᠢᠯᠡᠬᠦ ᠱᠠᠭᠠᠷᠳᠠᠯᠭ᠎ᠠ ᠶᠣᠰᠣᠭᠠᠷ᠂ ᠬᠡᠷᠡᠮ ᠢ ᠥᠭᠡᠷᠡᠴᠢᠯᠡᠨ ᠰᠢᠨᠡᠳᠬᠡᠬᠦ᠂ ᠳᠤᠯᠠᠭᠠᠨ ᠢ ᠬᠠᠮᠠᠭᠠᠯᠠᠨ ᠢᠯᠴᠢ ᠬᠠᠳᠠᠭᠠᠯᠠᠬᠤ ᠲᠥᠬᠦᠭᠡᠷᠦᠮᠵᠢ ᠶᠢ ᠲᠠᠰ ᠳᠡᠪᠰᠢᠭᠦᠯᠬᠦ᠂ ᠪᠦᠬᠦᠯᠢ ᠴᠣᠭᠴᠠᠲᠤ ᠪᠣᠯᠣᠳ ᠵᠢᠶᠠᠰᠠ ᠶᠢ ᠰᠣᠯᠢᠬᠤ ᠵᠡᠷᠭᠡ ᠶᠢ ᠥᠭᠡᠷᠡᠴᠢᠯᠡᠨ ᠳᠡᠭᠡᠭᠰᠢᠯᠡᠭᠦᠯᠬᠦ ᠵᠢᠴᠢ ᠤᠰᠤ ᠪᠣᠷᠳᠣᠭᠤᠷ ᠢ ᠨᠢᠭᠡ ᠴᠣᠭᠴᠠᠵᠢᠭᠤᠯᠬᠤ᠂ ᠤᠶᠤᠨᠵᠢᠭᠤᠯᠬᠤ ᠲᠥᠬᠦᠭᠡᠷᠦᠮᠵᠢ ᠶᠢ ᠢᠵᠢ ᠪᠦᠷᠢᠳᠦᠭᠦᠯᠬᠦ ᠪᠤᠶᠤ ᠲᠠᠰ ᠳᠡᠪᠰᠢᠭᠦᠯᠬᠦ ᠵᠡᠷᠭᠡ ᠶᠢ ᠶᠠᠪᠤᠭᠳᠠᠭᠤᠯᠤᠨ᠎ᠠ᠃ ᠥᠭᠡᠷᠡᠴᠢᠯᠡᠨ ᠳᠡᠭᠡᠭᠰᠢᠯᠡᠭᠦᠯᠬᠦ ᠶᠢᠨ ᠱᠠᠩᠨᠠᠵᠤ ᠨᠥᠬᠦᠪᠦᠷᠢᠯᠡᠬᠦ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ ᠥᠭᠡᠷᠡᠴᠢᠯᠡᠨ ᠳᠡᠭᠡᠭᠰᠢᠯᠡᠭᠦᠯᠬᠦ ᠣᠷᠣᠭᠤᠯᠤᠯᠲᠠ ᠶᠢᠨ 30%  ᠠᠴᠠ ᠳᠠᠪᠠᠭᠤᠯᠵᠤ ᠪᠣᠯᠬᠤ ᠦᠭᠡᠢ᠂ ᠬᠠᠮᠤᠭ ᠤᠨ ᠥᠨᠳᠥᠷ ᠲᠡᠭᠡᠨ ᠵᠣᠭᠤᠰ ᠤᠨ ᠲᠤᠭ᠎ᠠ ᠶᠢ ᠮᠦ ᠪᠦᠷᠢ ᠳᠤ 10000 ᠲᠥᠭᠦᠷᠢᠭ ᠠᠴᠠ ᠳᠠᠪᠠᠭᠤᠯᠵᠤ ᠪᠣᠯᠬᠤ ᠦᠭᠡᠢ᠂ ᠬᠥᠪᠥᠩ ᠬᠥᠨᠵᠢᠯᠡ᠂ ᠫᠧᠩ ᠪᠦᠷᠬᠦᠪᠴᠢ ᠵᠡᠷᠭᠡ ᠬᠤᠷᠣᠭᠳᠠᠭᠰᠠᠨ ᠮᠠᠲ᠋ᠧᠷᠢᠶᠠᠯ ᠢ ᠰᠣᠯᠢᠬᠤ ᠶᠢ ᠱᠠᠩᠨᠠᠵᠤ ᠨᠥᠬᠦᠪᠦᠷᠢᠯᠡᠬᠦ ᠬᠡᠪᠴᠢᠶᠡᠨ ᠳᠤ ᠣᠷᠣᠭᠤᠯᠬᠤ ᠦᠭᠡᠢ᠃ ᠬᠠᠭᠤᠴᠢᠨ ᠪᠠ ᠬᠠᠭᠤᠴᠢᠷᠠᠭᠰᠠᠨ ᠡᠩ ᠤᠨ ᠨᠡᠷᠡᠨ ᠬᠡᠷᠡᠯ ᠤᠨ ᠬᠦᠯᠡᠮᠵᠢ ᠶᠢᠨ ᠲᠥᠪᠯᠡᠷᠡᠨ ᠵᠠᠯᠭᠠᠯᠳᠤᠭᠰᠠᠨ ᠬᠡᠪᠴᠢᠶ᠎ᠡ ᠶᠢ 1000 ᠮᠦ ᠠᠴᠠ ᠳᠡᠭᠡᠭᠰᠢ ︵1000 ᠮᠦ ᠶᠢ ᠪᠠᠭᠲᠠᠭᠠᠨ᠎ᠠ︶ ᠳᠤ ᠬᠦᠷᠦᠭᠦᠯᠵᠦ᠂ ᠡᠩ ᠤᠨ ᠨᠡᠷᠡᠨ ᠬᠡᠷᠡᠯ ᠤᠨ ᠬᠦᠯᠡᠮᠵᠢ ᠶᠢᠨ ᠮᠦ ᠪᠦᠷᠢ ᠳᠤ 10000 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃      2. ᠰᠢᠨ᠎ᠡ ᠪᠠᠷ ᠪᠠᠶᠢᠭᠤᠯᠬᠤ ᠰᠦᠯᠢᠶᠥᠦ ᠬᠦᠢᠲᠡᠨ ᠫᠧᠩ      ᠰᠦᠯᠢᠶᠥᠦ ᠶᠢᠨ ᠬᠦᠢᠲᠡᠨ ᠫᠧᠩ ᠤᠨ ᠪᠦᠲᠦᠭᠡᠨ ᠪᠠᠶᠢᠭᠤᠯᠤᠯᠲᠠ ᠶᠢ GB/T51424-2022 ᠠᠴᠠ ᠳᠣᠣᠷ᠎ᠠ ᠦᠭᠡᠢ ᠪᠠᠶᠢᠯᠭᠠᠬᠤ ᠲᠣᠭᠲᠠᠭᠠᠯ ᠶᠣᠰᠣᠭᠠᠷ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠰᠦᠯᠢᠶᠥᠦ ᠶᠢᠨ ᠬᠦᠢᠲᠡᠨ ᠫᠧᠩ ᠨᠢ ᠪᠣᠯᠣᠳ ᠵᠢᠶᠠᠰᠠ ᠶᠢᠨ ᠪᠦᠲᠦᠴᠡ ᠲᠠᠢ᠂ ᠨᠢᠷᠤᠭᠤ ᠶᠢᠨ ᠥᠨᠳᠥᠷ ᠨᠢ 1.8 ᠮᠧᠲᠷ ᠠᠴᠠ ᠶᠡᠭᠡ᠂ ᠠᠯᠭᠠᠰᠠᠯ ᠨᠢ 6.0 ᠮᠧᠲᠷ ᠠᠴᠠ ᠪᠠᠭ᠎ᠠ ᠪᠠᠶᠢᠵᠤ ᠪᠣᠯᠬᠤ ᠦᠭᠡᠢ᠃ ᠰᠢᠨ᠎ᠡ ᠪᠠᠷ ᠪᠠᠶᠢᠭᠤᠯᠤᠭᠰᠠᠨ ᠰᠦᠯᠢᠶᠥᠦ ᠬᠦᠢᠲᠡᠨ ᠫᠧᠩ ᠤᠨ ᠲᠥᠪᠯᠡᠷᠡᠨ ᠵᠠᠯᠭᠠᠯᠳᠤᠭᠰᠠᠨ ᠬᠡᠪᠴᠢᠶ᠎ᠡ ᠶᠢ 1000 ᠮᠦ ᠠᠴᠠ ᠳᠡᠭᠡᠭᠰᠢ ︵1000 ᠮᠦ ᠶᠢ ᠪᠠᠭᠲᠠᠭᠠᠨ᠎ᠠ︶ ᠳᠤ ᠬᠦᠷᠦᠭᠦᠯᠵᠦ᠂ ᠰᠢᠨ᠎ᠡ ᠪᠠᠷ ᠪᠠᠶᠢᠭᠤᠯᠤᠭᠰᠠᠨ ᠰᠦᠯᠢᠶᠥᠦ ᠬᠦᠢᠲᠡᠨ ᠫᠧᠩ ᠤᠨ ᠮᠦ ᠪᠦᠷᠢ ᠳᠤ 2000 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃      3. ᠰᠢᠨ᠎ᠡ ᠪᠠᠷ ᠪᠠᠶᠢᠭᠤᠯᠬᠤ ᠲᠠᠩ ᠪᠡᠶᠡᠲᠦ ᠣᠶᠤᠨᠲᠤ ᠬᠦᠯᠡᠮᠵᠢ      ᠣᠶᠤᠨᠲᠤ ᠬᠦᠯᠡᠮᠵᠢ ᠶᠢᠨ ᠳᠣᠲᠣᠭᠠᠳᠤ ᠬᠡᠷᠡᠭᠴᠡᠭᠡ ᠳᠤ ᠣᠶᠤᠨᠲᠤ ᠡᠵᠡᠮᠳᠡᠯ ᠲᠠᠢ ᠰᠠᠯᠬᠢ ᠨᠡᠪᠲᠡᠷᠡᠭᠦᠯᠬᠦ᠂ ᠨᠠᠷᠠ ᠬᠠᠯᠬᠠᠯᠠᠬᠤ᠂ ᠳᠤᠯᠠᠭᠠᠨ ᠲᠣᠬᠢᠷᠠᠭᠤᠯᠬᠤ᠂ ᠴᠢᠭᠢᠭ ᠢ ᠲᠣᠬᠢᠷᠠᠭᠤᠯᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠵᠡᠷᠭᠡ ᠲᠥᠬᠦᠭᠡᠷᠦᠮᠵᠢ ᠲᠣᠨᠣᠭᠯᠠᠯ ᠵᠢᠴᠢ ᠬᠠᠮᠢᠶᠠᠷᠤᠯᠲᠠ ᠶᠢᠨ ᠰᠢᠰᠲ᠋ᠧᠮ ᠢ ᠲᠣᠬᠢᠷᠠᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠭᠠᠭᠴᠠ ᠣᠶᠤᠨᠲᠤ ᠬᠦᠯᠡᠮᠵᠢ ᠶᠢᠨ ᠡᠵᠡᠯᠡᠬᠦ ᠲᠠᠯᠠᠪᠠᠶ ᠶᠢ 50 ᠮᠦ ᠠᠴᠠ ᠳᠡᠭᠡᠭᠰᠢ ︵50 ᠮᠦ ᠶᠢ ᠪᠠᠭᠲᠠᠭᠠᠨ᠎ᠠ︶ ᠳᠤ ᠬᠦᠷᠦᠭᠦᠯᠵᠦ᠂ ᠰᠢᠨ᠎ᠡ ᠪᠠᠷ ᠪᠠᠶᠢᠭᠤᠯᠤᠭᠰᠠᠨ ᠣᠶᠤᠨᠲᠤ ᠬᠦᠯᠡᠮᠵᠢ ᠶᠢᠨ ᠲᠡᠭᠰᠢ ᠳᠥᠷᠪᠡᠯᠵᠢᠨ ᠮᠧᠲᠷ ᠪᠦᠷᠢ ᠳᠤ 100 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ᠃      ᠡᠩ ᠤᠨ ᠨᠡᠷᠡᠨ ᠬᠡᠷᠡᠯ ᠤᠨ ᠬᠦᠯᠡᠮᠵᠢ᠂ ᠰᠦᠯᠢᠶᠥᠦ ᠬᠦᠢᠲᠡᠨ ᠫᠧᠩ᠂ ᠣᠶᠤᠨᠲᠤ ᠬᠦᠯᠡᠮᠵᠢ ᠶᠢᠨ ᠱᠠᠩᠨᠠᠵᠤ ᠨᠥᠬᠦᠪᠦᠷᠢᠯᠡᠬᠦ ᠲᠠᠯᠠᠪᠠᠶ ᠶᠢ ᠲᠥᠬᠦᠭᠡᠷᠦᠮᠵᠢ ᠶᠢᠨ ᠫᠧᠩ ᠤᠨ ᠭᠡᠷ ᠤᠨ ᠲᠠᠯᠠᠪᠠᠶ ᠪᠠᠷ ᠪᠤᠳᠤᠨ᠎ᠠ᠃ ᠰᠢᠨ᠎ᠡ ᠪᠠᠷ ᠪᠠᠶᠢᠭᠤᠯᠤᠭᠰᠠᠨ ︵ᠥᠷᠭᠡᠳᠬᠡᠨ ᠪᠠᠶᠢᠭᠤᠯᠤᠭᠰᠠᠨ︶ ᠤ ᠱᠠᠩᠨᠠᠵᠤ ᠨᠥᠬᠦᠪᠦᠷᠢᠯᠡᠬᠦ ᠶᠡᠷᠦᠩᠬᠡᠢ ᠲᠤᠭ᠎ᠠ ᠶᠢ ᠲᠥᠷᠥᠯ ᠵᠦᠢᠯ ᠤᠨ ᠭᠤᠣᠯ ᠴᠣᠭᠴᠠ ᠶᠢᠨ ᠪᠣᠳᠠᠲᠠᠢ ᠪᠦᠲᠦᠭᠡᠨ ᠪᠠᠶᠢᠭᠤᠯᠤᠯᠲᠠ ᠶᠢᠨ ᠥᠪᠡᠷ ᠤᠨ ᠥᠷᠲᠡᠭ ᠠᠴᠠ ᠳᠠᠪᠠᠭᠤᠯᠬᠤ ᠦᠭᠡᠢ᠃      ᠳᠥᠷᠪᠡ᠂ ᠮᠡᠳᠡᠭᠦᠯᠬᠦ ᠲᠠᠰ ᠳᠠᠷᠠᠭᠠᠯᠠᠯ      1. ᠡᠯ᠎ᠡ ᠬᠤᠰᠢᠭᠤ ᠰᠢᠶᠠᠨ ︵ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠱᠠᠭᠠᠷᠳᠠᠯᠭ᠎ᠠ ᠳᠤ ᠨᠡᠶᠢᠴᠡᠭᠰᠡᠨ ᠬᠡᠷᠡᠭᠵᠢᠭᠦᠯᠬᠦ ᠭᠤᠣᠯ ᠴᠣᠭᠴᠠ ᠶᠢ ᠵᠣᠬᠢᠶᠠᠨ ᠪᠠᠶᠢᠭᠤᠯᠤᠨ ᠮᠡᠳᠡᠭᠦᠯᠬᠦ ᠬᠦᠰᠦᠨᠦᠭᠲᠦ ᠶᠢ ᠲᠠᠭᠯᠠᠬᠤ ᠶᠢᠨ ᠬᠠᠮᠲᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠃      ︵1︶ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠬᠦ ᠲᠥᠬᠦᠭᠡᠷᠦᠮᠵᠢ ᠶᠢᠨ ᠭᠠᠵᠠᠷ ᠵᠦᠢ ᠶᠢᠨ ᠪᠠᠶᠢᠷᠢᠯᠠᠯ ᠪᠠ ᠳᠥᠷᠪᠡᠨ ᠵᠠᠬ᠎ᠠ ᠶᠢᠨ ᠮᠡᠳᠡᠭᠡ ᠵᠠᠩᠭᠢ︔      ︵2︶ ᠮᠡᠳᠡᠭᠦᠯᠬᠦ ᠪᠡᠶᠡᠴᠢ ᠴᠣᠭᠴᠠ ᠶᠢᠨ ᠬᠠᠤᠯᠢ ᠶᠢᠨ ᠬᠥᠮᠥᠨ ᠤ ᠭᠡᠷᠡᠴᠢ ᠵᠢᠴᠢ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ ︵ᠬᠠᠤᠯᠢ ᠶᠢᠨ ᠬᠥᠮᠥᠨ ᠪᠤᠰᠤ ᠮᠡᠳᠡᠭᠦᠯᠬᠦ ᠪᠡᠶᠡᠴᠢ ᠴᠣᠭᠴᠠ ᠶᠢᠨ ᠬᠠᠩᠭᠠᠭᠰᠠᠨ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ︶︔      ︵3︶ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠦᠲᠦᠭᠡᠨ ᠪᠠᠶᠢᠭᠤᠯᠤᠯᠲᠠ ᠶᠢᠨ ᠴᠣᠬᠤᠯᠠᠪᠤᠷᠢ ᠵᠡᠷᠭᠡ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠪᠠᠭᠤᠯᠭᠠᠪᠤᠷᠢ︔      ︵4︶ ᠬᠠᠮᠢᠶ᠎ᠠ ᠪᠦᠬᠦᠢ ᠬᠡᠷᠡᠭᠯᠡᠬᠦ ᠭᠠᠵᠠᠷ ᠵᠡᠷᠭᠡ ᠭᠡᠷᠡᠴᠢ ᠮᠠᠲ᠋ᠧᠷᠢᠶᠠᠯ ᠵᠢᠴᠢ ᠥᠭᠡᠷᠡᠴᠢᠯᠡᠬᠦ ᠠᠴᠠ ᠡᠮᠦᠨᠡᠬᠢ ᠬᠠᠮᠢᠶ᠎ᠠ ᠪᠦᠬᠦᠢ ᠲᠣᠳᠣᠷᠬᠠᠶᠢᠯᠠᠯᠲᠠ ᠶᠢᠨ ᠮᠠᠲ᠋ᠧᠷᠢᠶᠠᠯ︔      ︵5︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠡᠷ᠎ᠡ᠂ ᠪᠠᠷᠢᠯᠭ᠎ᠠ ᠶᠢ ᠰᠢᠯᠭᠠᠨ ᠠᠪᠬᠤ ᠵᠡᠷᠭᠡ ᠭᠡᠷᠡᠴᠢᠯᠡᠬᠦ ᠮᠠᠲ᠋ᠧᠷᠢᠶᠠᠯ ᠤᠨ ᠪᠠᠭᠤᠯᠭᠠᠪᠤᠷᠢ ᠪᠤᠶᠤ ᠬᠤᠰᠢᠭᠤ ᠰᠢᠶᠠᠨ ︵ᠲᠣᠭᠤᠷᠢᠭ︶ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠭᠡᠷᠡᠴᠢ︔      ︵6︶ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠭᠡᠷᠡᠴᠢᠯᠡᠬᠦ ᠮᠠᠲ᠋ᠧᠷᠢᠶᠠᠯ ᠤᠨ ᠪᠠᠭᠤᠯᠭᠠᠪᠤᠷᠢ ᠪᠤᠶᠤ ᠬᠤᠰᠢᠭᠤ ᠰᠢᠶᠠᠨ ︵ᠲᠣᠭᠤᠷᠢᠭ︶ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠭᠡᠷᠡᠴᠢ︔      ︵7︶ ᠲᠠᠷᠢᠶᠠᠯᠠᠩ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠤᠭᠰᠠᠨ ᠬᠠᠭᠤᠳᠠᠰᠤ ︵ᠥᠪᠡᠰᠦᠪᠡᠨ ᠪᠠᠶᠢᠭᠤᠯᠤᠭᠰᠠᠨ ᠲᠠᠷᠢᠶᠠᠯᠠᠩ ᠤᠨ ᠲᠥᠬᠦᠭᠡᠷᠦᠮᠵᠢ ᠶᠢ ᠭᠠᠴᠠᠭᠠᠨ ᠤ ᠠᠷᠠᠳ ᠤᠨ ᠵᠥᠪᠯᠡᠯ ᠠᠴᠠ ᠵᠣᠬᠢᠴᠠᠩᠭᠤᠢ ᠭᠡᠷᠡᠴᠢ ᠭᠠᠷᠭᠠᠵᠤ ᠥᠭᠭᠦᠨ᠎ᠡ᠃      2. ᠡᠯ᠎ᠡ ᠬᠤᠰᠢᠭᠤ ᠰᠢᠶᠠᠨ ︵ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠮᠡᠳᠡᠭᠦᠯᠦᠭᠰᠡᠨ ᠮᠠᠲ᠋ᠧᠷᠢᠶᠠᠯ ᠢ ᠣᠯᠣᠭᠰᠠᠨ ᠤ ᠲᠠᠷᠠᠭ᠎ᠠ᠂ ᠮᠠᠲ᠋ᠧᠷᠢᠶᠠᠯ ᠢ ᠠᠩᠬ᠎ᠠ ᠠᠯᠬᠤᠮ ᠬᠢᠨᠠᠨ ᠬᠠᠷᠭᠤᠭᠤᠯᠵᠤ ᠪᠠᠶᠢᠴᠠᠭᠠᠨ ᠰᠢᠯᠭᠠᠭᠰᠠᠨ ᠤ ᠲᠠᠷᠠᠭ᠎ᠠ ᠲᠤᠬᠠᠢ ᠶᠢᠨ ᠭᠠᠵᠠᠷ ᠲᠤᠨᠢ ᠰᠢᠯᠭᠠᠨ ᠬᠤᠷᠢᠶᠠᠵᠤ᠂ ᠳᠡᠮᠵᠢᠬᠦ ᠨᠥᠬᠦᠴᠡᠯ ᠳᠤ ᠨᠡᠶᠢᠴᠡᠬᠦ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠨᠡᠷᠡᠰ ᠬᠢᠭᠡᠳ ᠱᠠᠩᠨᠠᠵᠤ ᠲᠤᠰᠠᠯᠠᠬᠤ ᠪᠡᠯᠡ ᠮᠥᠩᠭᠦ ᠶᠢ ᠲᠣᠣᠷ ᠰᠦᠯᠵᠢᠶ᠎ᠡ᠂ ᠲᠧᠯᠸᠢᠰ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠨᠢᠭᠡᠳᠦᠯᠲᠡᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ ᠬᠤᠭᠤᠴᠠᠭ᠎ᠠ ᠶᠢ 5 ᠠᠵᠢᠯᠯᠠᠬᠤ ᠡᠳᠦᠷ ᠠᠴᠠ ᠳᠤᠲᠠᠭᠤ ᠦᠭᠡᠢ ᠪᠠᠶᠢᠯᠭᠠᠨ᠎ᠠ᠃      ᠲᠠᠪᠤ᠂ ᠬᠠᠮᠢᠶ᠎ᠠ ᠪᠦᠬᠦᠢ ᠱᠠᠭᠠᠷᠳᠠᠯᠭ᠎ᠠ      1. ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠡᠯᠡ ᠮᠥᠩᠭᠦ ᠵᠢᠴᠢ ᠪᠤᠰᠤᠳ ᠠᠷᠭ᠎ᠠ ᠵᠠᠮ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠶᠢ ᠨᠢᠭᠡᠨᠲᠡ ᠣᠯᠣᠭᠰᠠᠨ ᠮᠥᠷᠲᠡᠭᠡᠨ ᠣᠯᠣᠭᠰᠠᠨ ᠪᠡᠯᠡ ᠮᠥᠩᠭᠦ ᠶᠢᠨ ᠲᠤᠭ᠎ᠠ ᠬᠡᠮᠵᠢᠶ᠎ᠡ ᠨᠢ ᠲᠣᠰ ᠬᠡᠷᠡᠭᠵᠢᠭᠦᠯᠬᠦ ᠨᠠᠷᠢᠨ ᠳᠦᠷᠢᠮ ᠳᠤ ᠲᠣᠭᠲᠠᠭᠠᠭᠰᠠᠨ ᠱᠠᠩᠨᠠᠵᠤ ᠨᠥᠬᠦᠪᠦᠷᠢᠯᠡᠬᠦ ᠲᠤᠭ᠎ᠠ ᠬᠡᠮᠵᠢᠶ᠎ᠡ ᠠᠴᠠ ᠳᠠᠪᠠᠭᠰᠠᠨ ᠲᠥᠷᠥᠯ ᠵᠦᠢᠯ ᠳᠤ᠂ ᠬᠡᠪᠴᠢᠶᠡᠵᠢᠭᠦᠯᠦᠭᠰᠡᠨ ᠱᠠᠩᠨᠠᠵᠤ ᠨᠥᠬᠦᠪᠦᠷᠢᠯᠡᠬᠦ ᠪᠡᠯᠡ ᠮᠥᠩᠭᠦ ᠭᠤᠶᠤᠴᠢᠯᠠᠵᠤ ᠪᠣᠯᠬᠤ ᠦᠭᠡᠢ᠃      2. ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠶᠢᠨ ᠬᠢᠨᠠᠯᠲᠠ ᠪᠠᠶᠢᠴᠠᠭᠠᠯᠲᠠ᠂ ᠬᠢᠨᠠᠨ ᠪᠣᠳᠣᠯᠲᠠ ᠶᠢᠨ ᠲᠣᠭᠤᠷᠢᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠰᠤᠭᠤᠴᠢᠨ ᠪᠠᠶᠢᠴᠠᠭᠠᠵᠤ ᠳᠠᠬᠢᠨ ᠬᠢᠨᠠᠬᠤ ᠵᠡᠷᠭᠡ ᠭᠤᠭᠴᠤᠭ᠎ᠠ ᠳᠤ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠵᠢᠴᠢ ᠰᠢᠯᠭᠠᠨ ᠠᠪᠬᠤ ᠳᠠᠭᠠᠨ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ ᠵᠡᠷᠭᠡ ᠠᠷᠭ᠎ᠠ ᠪᠠᠷᠢᠯ ᠢᠶᠠᠷ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ ᠶᠢ ᠤᠬᠠᠭᠠᠯᠠᠨ ᠠᠪᠤᠭᠰᠠᠨ ᠪᠠᠶᠢᠳᠠᠯ ᠢ ᠣᠯᠵᠤ ᠮᠡᠳᠡᠪᠡᠯ᠂ ᠲᠣᠭᠲᠠᠭᠠᠭᠰᠠᠨ ᠲᠠᠰ ᠳᠠᠷᠠᠭᠠᠯᠠᠯ ᠢᠶᠠᠷ ᠨᠢᠭᠡᠨᠲᠡ ᠪᠠᠭᠤᠯᠭᠠᠭᠰᠠᠨ ᠪᠡᠯᠡ ᠮᠥᠩᠭᠦ ᠶᠢ ᠬᠤᠷᠢᠶᠠᠨ ᠠᠪᠬᠤ ᠶᠢᠨ ᠬᠠᠮᠲᠤ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠵᠦ ᠰᠢᠢᠳᠪᠦᠷᠢᠯᠡᠨ᠎ᠡ᠂ᠲᠣᠭᠲᠠᠭᠠᠯ  ᠠᠴᠠ ᠵᠥᠷᠢᠴᠡᠨ ᠭᠤᠶᠤᠴᠢᠯᠠᠨ ᠮᠡᠳᠡᠭᠦᠯᠦᠭᠰᠡᠨ ᠭᠤᠣᠯ ᠴᠣᠭᠴᠠ ᠶᠢ ᠵᠡᠷᠭᠡ ᠳᠤᠨᠢ ᠮᠠᠭᠤ ᠦᠶᠯᠡ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠲᠤ ᠣᠷᠣᠭᠤᠯᠵᠤ᠂ ᠬᠤᠶᠢᠰᠢᠳᠠ ᠶᠢᠨ ᠣᠨ ᠤ ᠭᠤᠶᠤᠴᠢᠯᠠᠨ ᠮᠡᠳᠡᠭᠦᠯᠬᠦ ᠬᠠᠮᠢᠶ᠎ᠠ ᠪᠦᠬᠦᠢ ᠲᠠᠷᠢᠶᠠᠯᠠᠩ ᠳᠤ ᠬᠤᠯᠪᠣᠭᠳᠠᠬᠤ ᠲᠥᠷᠥᠯ ᠵᠦᠢᠯ ᠤᠨ ᠬᠢᠷᠢ ᠬᠡᠮ ᠢ ᠬᠦᠴᠦᠨ ᠦᠭᠡᠢ ᠪᠣᠯᠭᠠᠨ᠎ᠠ᠃      ︵ᠬᠡᠷᠪᠡ ᠰᠠᠨᠠᠭ᠎ᠠ ᠲᠠᠢ ᠪᠣᠯ ᠪᠠᠶᠢᠭ᠎ᠠ ᠬᠤᠰᠢᠭᠤ ᠰᠢᠶᠠᠨ ︵ᠲᠣᠭᠤᠷᠢᠭ︶ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ ᠬᠠᠷᠢᠯᠴᠠᠭᠠᠷᠠᠢ︶
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号