ᠡᠨᠡ ᠵᠢᠯ ᠦᠦᠰᠢᠨ ᠬᠤᠰᠢᠭᠤ 3.41 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2024/12/27
      ᠡᠨᠡ ᠵᠢᠯ᠂ ᠦᠦᠰᠢᠨ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ  ᠶᠢᠨ ᠡᠷᠴᠢᠮ ᠢᠶᠠᠨ ᠴᠢᠩᠭᠠᠷᠠᠭᠤᠯᠵᠤ᠂ 3.41 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠪᠠᠷ ᠲᠥᠯᠥᠪᠯᠡᠨ᠂ 8617 ᠲᠦᠮᠡᠨ ᠲᠥᠭᠦᠷᠢᠭ ᠪᠡᠯᠡ ᠣᠷᠣᠭᠤᠯᠵᠤ᠂ ᠬᠠᠪᠤᠷ ᠨᠠᠮᠤᠷ ᠬᠤᠶᠠᠷ ᠤᠯᠠᠷᠢᠯ ᠬᠤᠪᠢᠶᠠᠨ ᠬᠡᠷᠡᠭᠵᠢᠭᠦᠯᠵᠦ᠂ ᠣᠳᠣᠬᠠᠨ ᠳᠤ ᠨᠠᠮᠤᠷ ᠤᠨ ᠤᠯᠠᠷᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠱᠠᠯᠠᠪᠳᠠᠭᠤᠯᠵᠤ ᠪᠤᠢ᠃      ᠣᠶᠢᠯᠠᠭᠠᠭᠰᠠᠨ ᠢᠶᠠᠷ᠂ ᠡᠨᠡ ᠵᠢᠯ ᠦᠦᠰᠢᠨ ᠬᠤᠰᠢᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠵᠡᠷᠭᠡ 11 ᠪᠠᠶᠢᠭᠤᠯᠭ᠎ᠠ ᠨᠢᠭᠡᠴᠢ᠂ ᠠᠵᠤ ᠠᠬᠤᠶᠢᠯᠠᠯ ᠬᠠᠮᠲᠤᠷᠠᠯᠴᠠᠨ᠂ 30 ᠭᠠᠷᠤᠢ ᠠᠵᠢᠯ ᠤᠨ ᠳᠤᠭᠤᠶᠢᠯᠠᠩ ᠬᠤᠪᠢᠶᠠᠵᠤ᠂ ᠪᠦᠲᠦᠭᠡᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢ ᠨᠢᠭᠡᠳᠦᠯᠲᠡᠢ ᠲᠥᠯᠥᠪᠵᠢᠭᠦᠯᠦᠨ᠂ ᠪᠦᠭᠦ ᠬᠤᠰᠢᠭᠤᠨ ᠤ 7 ᠬᠡᠰᠡᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ ᠪᠠᠶᠢᠨ᠎ᠠ᠃ ᠡᠳᠦᠭᠡ ᠪᠦᠭᠦ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠦᠭᠦ ᠠᠵᠢᠯ ᠤᠨ 89% ᠶᠢ ᠨᠢᠭᠡᠨᠲᠡ ᠪᠡᠶᠡᠯᠡᠭᠦᠯᠵᠦ᠂29.5 ᠲᠦᠮᠡᠨ ᠮᠧᠲᠷ ᠤᠨ ᠤᠰᠤ ᠲᠠᠲᠠᠬᠤ ᠬᠤᠭᠤᠯᠠᠢ ᠶᠢ ᠤᠭᠰᠠᠷᠠᠨ᠂ 2499.5 ᠲᠦᠮᠡᠨ ᠮᠧᠲᠷ ᠤᠨ ᠳᠤᠰᠤᠯᠭᠠᠨ ᠤᠰᠤᠯᠠᠬᠤ ᠪᠦᠰᠡ ᠶᠢ ᠳᠡᠪᠢᠰᠴᠦ᠂ 35.6 ᠲᠦᠮᠡᠨ ᠮᠧᠲᠷ ᠤᠨ ᠵᠥᠭᠡᠯᠡᠨ ᠬᠤᠭᠤᠯᠠᠢ ᠶᠢ ᠤᠭᠰᠠᠷᠠᠨ᠂ 113 ᠬᠠᠭᠤᠴᠢᠨ ᠤᠰᠤᠨ ᠬᠤᠳᠳᠤᠭ ᠢ ᠰᠢᠨᠡᠳᠬᠡᠨ ᠵᠠᠰᠠᠵᠤ᠂ 128 ᠰᠠᠭᠤᠷᠢ ᠲᠥᠬᠦᠭᠡᠷᠦᠮᠵᠢ ᠶᠢᠨ ᠭᠡᠷ ᠪᠠᠶᠢᠰᠢᠩ ᠢ ᠥᠭᠡᠷᠡᠴᠢᠯᠡᠨ ᠵᠠᠰᠠᠵᠠᠢ᠃      ᠣᠳᠣᠬᠠᠨ ᠪᠤᠯᠲᠠᠯ᠎ᠠ᠂ ᠦᠦᠰᠢᠨ ᠬᠤᠰᠢᠭᠤ ᠨᠡᠶᠢᠳᠡ 30 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠪᠦᠭᠦ ᠬᠤᠰᠢᠭᠤᠨ ᠤ ᠦᠨᠳᠦᠰᠦᠨ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠢ  ᠶᠢᠨ ᠪᠠᠷᠤᠭ 1/3 ᠶᠢ ᠳᠠᠪᠠᠨ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠬᠤ ᠳᠤ ᠪᠠᠲᠤ ᠪᠠᠬᠢ ᠰᠠᠭᠤᠷᠢ  ᠶᠢ ᠲᠠᠯᠪᠢᠵᠠᠢ᠃
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号