ᠮᠠᠨ ᠤ ᠣᠷᠣᠨ ᠲᠡᠵᠢᠭᠡᠬᠦ ᠶᠢᠨ ᠲᠥᠯᠥᠭᠡ ᠳᠠᠷᠢᠬᠤ᠂ ᠳᠠᠷᠢᠵᠤ ᠲᠡᠵᠢᠭᠡᠬᠦ ᠶᠢ ᠤᠶᠠᠯᠳᠤᠭᠤᠯᠬᠤ᠂ | ᠦᠢᠯᠡᠳᠪᠦᠷᠢᠯᠡᠵᠦ ᠪᠣᠷᠣᠯᠠᠭᠤᠯᠬᠤ ᠶᠢ ᠨᠢᠭᠡ ᠴᠣᠭᠴᠠᠵᠢᠭᠤᠯᠬᠤ ᠣᠶᠢᠯᠠᠭᠠᠭᠳᠠᠬᠤᠨ ᠢ ᠪᠠᠷᠢᠮᠲᠠᠯᠠᠨ᠂ ᠪᠦᠭᠦ ᠠᠵᠤ | ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠡᠵᠢᠭᠡᠯ ᠡᠪᠡᠰᠦ ᠲᠣᠬᠢᠷᠠᠭᠤᠯᠤᠨ ᠬᠦᠷᠭᠡᠬᠦ 133 | ︽ᠲᠥᠪ ᠦᠢᠯᠡᠳᠬᠡᠯ ᠤᠨ ᠭᠠᠵᠠᠷ︾ ᠪᠠᠶᠢᠭᠤᠯᠤᠨ ᠲᠡᠵᠢᠭᠡᠪᠦᠷᠢ ᠶᠢᠨ ᠥᠪᠡᠷ ᠤᠨ ᠥᠷᠲᠡᠭ ᠢ ᠪᠦᠲᠦᠮᠵᠢᠲᠡᠶ | ᠪᠠᠭᠤᠷᠠᠭᠤᠯᠪᠠ᠃ | ᠡᠨᠡ ᠵᠢᠯ ᠮᠠᠨ ᠤ ᠣᠷᠣᠨ ᠡᠪᠡᠰᠦᠨ ᠤ ᠠᠵᠤ ᠦᠢᠯᠡᠰ ᠤᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ | ᠮᠠᠯᠵᠢᠬᠤ ᠲᠠᠷᠢᠶᠠᠯᠠᠬᠤ ᠡᠷᠦᠭᠡ ᠶᠢᠨ ᠦᠪᠡᠰᠤᠪᠠᠨ ᠨᠥᠭᠡᠴᠡᠯᠡᠬᠦ ᠪᠠᠷ ᠭᠤᠣᠯ ᠪᠣᠯᠭᠠᠨ᠂ ᠰᠢᠶᠠᠩ ᠪᠠᠯᠭᠠᠰᠤᠨ ᠤ | ᠳᠤᠮᠳᠠ ᠬᠡᠪᠴᠢᠶᠡᠨ ᠤ ᠲᠡᠵᠢᠭᠡᠯ ᠡᠪᠡᠰᠦ ᠨᠥᠭᠡᠴᠡᠯᠡᠬᠦ ᠬᠥᠮᠥᠷᠭᠡ ᠪᠠᠷ ᠬᠠᠪᠰᠤᠷᠤᠮᠵᠢ ᠪᠤᠯᠭᠠᠵᠤ᠂ ᠬᠤᠰᠢᠭᠤ ᠰᠢᠶᠠᠨ | ᠤ ᠲᠣᠮᠣ ᠬᠡᠪᠴᠢᠶᠡᠨ ᠤ ᠲᠡᠵᠢᠭᠡᠯ ᠡᠪᠡᠰᠦ ᠨᠥᠭᠡᠴᠡᠯᠡᠬᠦ ᠬᠥᠮᠥᠷᠭᠡ ᠪᠠᠷ ᠨᠥᠬᠦᠪᠦᠷᠢ ᠪᠤᠯᠭᠠᠬᠰᠠᠨ ᠭᠤᠷᠪᠠᠨ ᠱᠠᠲᠤᠨ | ᠤ ᠲᠡᠵᠢᠭᠡᠯ ᠡᠪᠡᠰᠦ ᠨᠥᠭᠡᠴᠡᠯᠡᠬᠦ ᠰᠢᠰᠲ᠋ᠧᠮ ᠢ ᠪᠦᠷᠢᠨᠰᠢᠭᠦᠯᠵᠦ᠂ ᠨᠢᠭᠡᠨᠲᠡ ᠲᠣᠮᠣ ᠳᠤᠮᠳᠠ ᠬᠡᠪᠴᠢᠶᠡᠨ ᠤ ᠲᠡᠵᠢᠭᠡᠯ | ᠡᠪᠡᠰᠦ ᠨᠥᠭᠡᠴᠡᠯᠡᠬᠦ ᠬᠥᠮᠥᠷᠭᠡ ᠶᠢ 672 ᠪᠠᠶᠢᠭᠤᠯᠤᠨ᠂ 142.6 ᠲᠦᠮᠡᠨ ᠲᠣᠨ ᠲᠡᠵᠢᠭᠡᠯ ᠡᠪᠡᠰᠦ ᠨᠥᠭᠡᠴᠡᠯᠡᠬᠦ | ᠴᠢᠳᠠᠪᠤᠷᠢ ᠶᠢ ᠪᠦᠷᠢᠯᠳᠦᠭᠦᠯᠵᠡᠢ᠃ ᠡᠭᠦᠨ ᠤ ᠬᠠᠮᠲᠤ ᠬᠤᠯᠢᠮᠠᠭ ᠪᠣᠷᠳᠤᠭ᠎ᠠ ᠲᠣᠬᠢᠷᠠᠭᠤᠯᠤᠨ ᠬᠦᠷᠭᠡᠬᠦ ᠰᠢᠰᠲ᠋ᠧᠮ ᠢ | ᠢᠳᠡᠪᠬᠢᠲᠡᠢ ᠪᠠᠶᠢᠭᠤᠯᠵᠤ᠂ ᠲᠡᠵᠢᠭᠡᠯ ᠡᠪᠡᠰᠦ ᠲᠣᠬᠢᠷᠠᠭᠤᠯᠤᠨ ᠬᠦᠷᠭᠡᠬᠦ 133 ︽ᠲᠥᠪ ᠦᠢᠯᠡᠳᠬᠡᠯ ᠤᠨ ᠭᠠᠵᠠᠷ︾ ᠢ | ᠪᠠᠶᠢᠭᠤᠯᠤᠨ᠂ ᠰᠢᠨ᠎ᠡ ᠮᠡᠷᠭᠡᠵᠢᠯ ᠢ ᠠᠰᠢᠭᠯᠠᠨ ᠪᠣᠭᠤᠳᠠᠯ ᠲᠠᠢ ᠬᠥᠬᠡ ᠳᠠᠷᠤᠰᠢ᠂ ᠡᠪᠡᠰᠦᠨ ᠤ ᠮᠥᠬᠦᠯᠢᠭ᠂ ᠲᠡᠵᠢᠭᠡᠯ | ᠡᠪᠡᠰᠦᠨ ᠤ ᠪᠥᠭᠡᠮ ᠵᠡᠷᠭᠡ ᠰᠢᠨ᠎ᠡ ᠪᠦᠲᠦᠭᠡᠭᠳᠡᠬᠦᠨ ᠢ ᠰᠤᠳᠤᠯᠤᠨ ᠨᠡᠭᠡᠭᠡᠵᠦ᠂ ᠮᠠᠯ ᠤᠨ ᠰᠢᠮ᠎ᠡ ᠲᠡᠵᠢᠭᠡᠯ ᠤᠨ | ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠪᠠ᠃ | ᠮᠠᠨ ᠤ ᠣᠷᠣᠨ ︽ᠡᠪᠡᠰᠦ - ᠪᠣᠷᠳᠤᠭ᠎ᠠ - ᠮᠢᠬ᠎ᠠ︾ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠪᠠᠷ ᠤᠳᠤᠷᠢᠳᠤᠮᠵᠢ ᠪᠤᠯᠭᠠᠵᠤ᠂ ᠣᠯᠠᠨ ᠡᠰᠢᠵᠢᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ | ᠪᠠᠶᠢᠭᠤᠯᠤᠨ᠂ ᠣᠲᠣ ᠦᠶ᠎ᠡ ᠶᠢᠨ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ | ᠨᠤᠲᠤᠭ ᠪᠡᠯᠴᠢᠭᠡᠷ ᠤᠨ ᠠᠮᠢ ᠠᠬᠤᠢ ᠶᠢ ᠰᠠᠶᠢᠲᠤᠷ ᠬᠠᠮᠠᠭᠠᠯᠠᠬᠤ ᠶᠢᠨ ᠬᠠᠮᠲᠤ ᠮᠠᠯᠴᠢᠨ ᠲᠠᠷᠢᠶᠠᠴᠢᠨ ᠤ ᠣᠷᠣᠯᠭ᠎ᠠ | ᠶᠢ ᠦᠷᠭᠦᠯᠵᠢᠯᠡᠨ ᠨᠡᠮᠡᠭᠳᠡᠭᠦᠯᠬᠦ ᠶᠢ ᠪᠠᠲᠤᠯᠠᠵᠤ ᠪᠠᠶᠢᠨ᠎ᠠ᠃ ᠲᠠᠷᠠᠭᠠᠴᠢ ᠪᠠᠷ ᠮᠠᠨ ᠤ ᠣᠷᠣᠨ ᠡᠪᠡᠰᠦᠨ ᠦᠷ᠎ᠡ ᠶᠢᠨ | ᠪᠦᠲᠦᠴᠡ ᠶᠢᠨ ᠴᠢᠨᠠᠷᠲᠠᠢ ᠲᠤᠲᠠᠭᠳᠠᠵᠤ ᠪᠠᠶᠢᠭ᠎ᠠ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠵᠦ᠂ | ᠡᠳ᠋ᠰᠢᠭᠦᠯᠦᠨ ᠬᠠᠳᠠᠭᠠᠯᠠᠵᠤ ᠲᠡᠭᠡᠭᠡᠪᠦᠷᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠲᠡᠵᠢᠭᠡᠯ ᠡᠪᠡᠰᠦ ᠶᠢᠨ | ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ 2025 ᠣᠨ ᠳᠤ ᠲᠡᠵᠢᠭᠡᠯ ᠡᠪᠡᠰᠦ ᠲᠣᠬᠢᠷᠠᠭᠤᠯᠤᠨ ᠬᠦᠷᠭᠡᠬᠦ | ︽ᠲᠥᠪ ᠦᠢᠯᠡᠳᠬᠡᠯ ᠤᠨ ᠭᠠᠵᠠᠷ︾ ᠢ 300 ᠠᠴᠠ ᠳᠡᠭᠡᠭᠰᠢ ᠬᠦᠷᠭᠡᠨ᠂ ᠮᠠᠯᠴᠢᠨ ᠲᠠᠷᠢᠶᠠᠴᠢᠳ ᠤᠨ ᠲᠡᠵᠢᠭᠡᠪᠦᠷᠢ | ᠶᠢᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠬᠤ ᠪᠠᠷ ᠪᠤᠢ᠃ | |