ᠮᠠᠯ ᠤᠨ ᠡᠮ ᠤᠨ GMP ᠬᠢᠷᠢ ᠲᠡᠩᠴᠡᠭᠰᠡᠨ ᠦᠢᠯᠡᠳᠪᠦᠷᠢᠯᠡᠯ ᠤᠨ ᠱᠤᠭᠤᠮ ᠢ ᠵᠥᠪᠰᠢᠶᠡᠷᠡᠬᠦ ᠪᠠᠷ ᠪᠠᠶᠢᠭ᠎ᠠ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/12/30
      ︽ᠮᠠᠯ ᠤᠨ ᠡᠮ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ︵2020 ᠣᠨ ᠳᠤ ᠵᠠᠰᠠᠪᠤᠷᠢ ᠣᠷᠤᠭᠤᠯᠤᠭᠰᠠᠨ︶︾ ︽ᠮᠠᠯ ᠤᠨ ᠡᠮ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠢ ᠪᠠᠶᠢᠴᠠᠭᠠᠵᠤ ᠰᠢᠯᠭᠠᠨ ᠠᠪᠬᠤ ᠠᠷᠭ᠎ᠠ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠤᠨ ᠡᠮ ᠤᠨ GMP ᠪᠠᠶᠢᠴᠠᠭᠠᠵᠤ ᠰᠢᠯᠭᠠᠨ ᠠᠪᠬᠤ ᠠᠵᠢᠯ ᠤᠨ ᠳᠦᠷᠢᠮ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠶᠢᠨ ᠾᠧ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠮᠠᠯ ᠤᠨ ᠡᠮ ᠤᠨ GMP ᠲᠤᠬᠠᠢ ᠶᠢᠨ ᠲᠠᠯᠠᠪᠤᠷ ᠲᠤ ᠪᠠᠶᠢᠴᠠᠭᠠᠵᠤ ᠰᠢᠯᠭᠠᠨ ᠠᠪᠬᠤ ᠪᠠᠷ ᠳᠡᠮᠵᠢᠨ᠂ GMP ᠬᠢᠷᠢ ᠲᠡᠩᠴᠡᠭᠰᠡᠨ ᠦᠢᠯᠡᠳᠪᠦᠷᠢᠯᠡᠯ ᠤᠨ ᠱᠤᠭᠤᠮ ᠢᠶᠠᠷ ᠵᠥᠪᠰᠢᠶᠡᠷᠡᠬᠦ ᠪᠠᠷ ᠪᠣᠶ᠂ ᠡᠳᠦᠭᠡ ᠵᠠᠷᠯᠠᠨ ᠨᠡᠶᠢᠲᠡᠯᠡᠵᠦ ᠪᠠᠶᠢᠨ᠎ᠠ᠃      ᠵᠠᠷᠯᠠᠨ ᠨᠡᠶᠢᠲᠡᠯᠡᠬᠦ ᠬᠤᠭᠤᠴᠠᠭ᠎ᠠ  ᠨᠢ 2024 ᠣᠨ ᠤ 12 ᠰᠠᠷ᠎ᠠ ᠶᠢᠨ 30 ᠤ ᠡᠳᠦᠷ︱1 ᠰᠠᠷ᠎ᠠ ᠶᠢᠨ 6 ᠤ ᠡᠳᠦᠷ ᠪᠣᠯᠲᠠᠯ᠎ᠠ᠃ ᠬᠡᠷᠪᠡ ᠣᠨᠳᠤᠤ ᠰᠠᠨᠠᠯ ᠲᠠᠢ ᠪᠣᠯ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠳᠤ ᠬᠠᠷᠢᠭᠤ ᠳᠤᠰᠬᠠᠭᠠᠷᠠᠢ᠃      ᠬᠠᠷᠢᠯᠴᠠᠬᠤ ᠬᠥᠮᠥᠨ᠄ ᠴᠧᠨ ᠬᠠᠢ ᠫᠢᠩ      ᠬᠢᠨᠠᠯᠲᠠ ᠲᠠᠯᠪᠢᠬᠤ ᠤᠲᠠᠰᠤ᠄ 0471-6651798      ᠹᠠᠺᠰ᠄ 0471-6652269      ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ 70 ᠳ᠋ᠤᠭᠠᠷ ᠨᠣᠮᠧᠷ       ᠳᠠᠭᠠᠯᠳᠤᠭᠤᠯᠤᠯ᠄ ᠮᠠᠯ ᠤᠨ ᠡᠮ ᠤᠨ GMP ᠲᠤᠬᠠᠢ ᠶᠢᠨ ᠲᠠᠯᠠᠪᠤᠷ ᠲᠤ ᠪᠠᠶᠢᠴᠠᠭᠠᠵᠤ ᠰᠢᠯᠭᠠᠨ ᠠᠪᠤᠭᠰᠠᠨ ᠪᠠᠶᠢᠳᠠᠯ ᠢ ᠵᠠᠷᠯᠠᠨ ᠨᠡᠶᠢᠲᠡᠯᠡᠬᠦ ᠬᠦᠰᠦᠨᠦᠭᠲᠦ                        ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ                       ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ                             2024 ᠣᠨ ᠤ 12 ᠰᠠᠷ᠎ᠠ ᠶᠢᠨ 30 ᠤ ᠡᠳᠦᠷ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号