︽ᠲᠥᠬᠦᠭᠡᠷᠦᠮᠵᠢᠲᠦ ᠲᠠᠷᠢᠶᠠᠯᠠᠩ ᠤᠨ ᠬᠡᠪᠴᠢᠶᠡᠵᠢᠭᠦᠯᠦᠨ ᠬᠥᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠨᠠᠷᠢᠨ ᠳᠦᠷᠢᠮ ︵2024 ᠣᠨ ᠤ ᠬᠡᠪᠯᠡᠯ︶︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ︵ᠬᠤᠶᠠᠷ︶ — ᠬᠡᠪᠴᠢᠶᠡᠵᠢᠭᠦᠯᠦᠨ ᠬᠥᠭᠵᠢᠭᠦᠯᠬᠦ ᠬᠤᠰᠢᠭᠤ ᠰᠢᠶᠠᠨ ᠢ ᠳᠡᠮᠵᠢᠨ᠎ᠡ
ᠨᠡᠶᠢᠲᠡᠯᠡᠭᠰᠡᠨ ᠴᠠᠭ᠄
2024/12/30
      ᠨᠢᠭᠡ᠂ ᠱᠠᠩᠨᠠᠵᠤ ᠨᠥᠬᠦᠪᠦᠷᠢᠯᠡᠬᠦ ᠡᠲᠡᠭᠡᠳ      ᠪᠥᠬᠦ ᠣᠷᠣᠨ  ᠤ ᠬᠡᠪᠴᠢᠶᠡᠨ ᠳᠣᠲᠣᠷ᠎ᠠ᠂ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠪᠠᠶᠢᠭ᠎ᠠ ᠬᠤᠰᠢᠭᠤ ᠰᠢᠶᠠᠨ ︵ᠬᠤᠳᠠ᠂ ᠲᠣᠭᠤᠷᠢᠭ︶ ᠤ ᠱᠠᠲᠤᠨ ᠤ ᠠᠷᠠᠳ ᠤᠨ ᠵᠠᠰᠠᠭ ᠤᠨ ᠣᠷᠳᠣᠨ᠃      ᠬᠤᠶᠠᠷ᠂ ᠱᠠᠩᠨᠠᠵᠤ ᠨᠥᠬᠦᠪᠦᠷᠢᠯᠡᠬᠦ ᠠᠷᠭ᠎ᠠ ᠬᠡᠯᠪᠡᠷᠢ       ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠠᠷᠭ᠎ᠠ ᠬᠡᠯᠪᠡᠷᠢ ᠪᠠᠷ ᠬᠡᠪᠴᠢᠶᠡᠵᠢᠭᠦᠯᠦᠨ ᠬᠥᠭᠵᠢᠭᠦᠯᠬᠦ ᠶᠢ ᠳᠡᠮᠵᠢᠨ᠎ᠡ᠃      ᠭᠤᠷᠪᠠ᠂ ᠰᠢᠯᠭᠠᠨ ᠠᠪᠬᠤ ᠪᠠ ᠱᠠᠩᠨᠠᠵᠤ ᠲᠤᠰᠠᠯᠠᠬᠤ ᠪᠠᠷᠢᠮᠵᠢᠶ᠎ᠠ      ᠭᠤᠶᠤᠴᠢᠯᠠᠨ ᠮᠡᠳᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠨᠢᠭᠡ ᠪᠠᠶᠢᠭᠠᠯᠢ ᠶᠢᠨ ᠣᠨ ᠤ ᠳᠣᠲᠣᠷ᠎ᠠ᠂ ᠲᠠᠩ ᠭᠠᠭᠴᠠ ᠬᠦᠷᠢᠶᠡᠯᠡᠩ ᠲᠣᠭᠤᠷᠢᠭ ᠤᠨ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠲᠥᠬᠦᠭᠡᠷᠦᠮᠵᠢᠲᠦ ᠲᠠᠷᠢᠶᠠᠯᠠᠩ ᠤᠨ ᠲᠠᠯᠠᠪᠠᠶ ᠶᠢ 1000 ᠮᠦ ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ᠂ ᠬᠠᠳᠠᠭᠠᠯᠠᠵᠤ ᠪᠠᠶᠢᠭ᠎ᠠ ᠲᠠᠯᠠᠪᠠᠶ ᠯᠤᠭ᠎ᠠ ᠨᠡᠶᠢᠯᠡᠭᠦᠯᠦᠨ ᠪᠤᠳᠤᠭᠠᠳ 1 ᠲᠦᠮᠡᠨ ᠮᠦ ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ ᠬᠦᠷᠢᠶᠡᠯᠡᠩ ᠲᠣᠭᠤᠷᠢᠭ ᠨᠢ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠰᠠᠶᠢᠨ ᠰᠠᠶᠢᠬᠠᠨ ᠲᠣᠭᠲᠠᠴᠠ ᠲᠠᠢ ᠪᠠᠶᠢᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠪᠠᠶᠢᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠨᠢᠭᠡᠪᠦᠷᠢ 500 ᠲᠦᠮᠡᠨ ᠲᠥᠭᠦᠷᠢᠭ ᠢᠶᠠᠷ ᠱᠠᠩᠨᠠᠵᠤ᠂ 2000 ᠮᠦ ᠨᠡᠮᠡᠭᠳᠡᠬᠦ ᠪᠦᠷᠢ ᠳᠠᠬᠢᠨ 100 ᠲᠦᠮᠡᠨ ᠲᠥᠭᠦᠷᠢᠭ ᠢᠶᠠᠷ ᠱᠠᠩᠨᠠᠵᠤ᠂ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠲᠡᠷᠡᠴᠢᠯᠡᠨ ᠨᠥᠬᠦᠴᠡᠯ  ᠳᠤ ᠨᠡᠶᠢᠴᠡᠬᠦ ᠬᠤᠰᠢᠭᠤ ᠰᠢᠶᠠᠨ ︵ᠬᠤᠳᠠ᠂ ᠲᠣᠭᠤᠷᠢᠭ︶ ᠨᠢᠭᠡᠪᠦᠷᠢ ᠳᠤ ᠵᠥᠪᠬᠡᠨ ᠨᠢᠭᠡ ᠯᠡ ᠤᠳᠠᠭ᠎ᠠ ᠬᠡᠪᠴᠢᠶᠡᠵᠢᠭᠦᠯᠦᠨ ᠬᠥᠭᠵᠢᠭᠦᠯᠬᠦ ᠬᠤᠰᠢᠭᠤ ᠰᠢᠶᠠᠨ ᠤ ᠱᠠᠩᠨᠠᠵᠤ ᠲᠤᠰᠠᠯᠠᠬᠤ ᠪᠡᠯᠡ ᠮᠥᠩᠭᠦ ᠬᠦᠷᠳᠡᠭᠡᠨ᠎ᠡ᠃      ᠳᠥᠷᠪᠡ᠂ ᠮᠡᠳᠡᠭᠦᠯᠬᠦ ᠲᠠᠰ ᠳᠠᠷᠠᠭᠠᠯᠠᠯ      1. ᠮᠡᠳᠡᠭᠦᠯᠬᠦ ᠨᠥᠬᠦᠴᠡᠯ ᠳᠤ ᠨᠡᠶᠢᠴᠡᠬᠦ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ ᠨᠢᠭᠡᠴᠢ ᠪᠣᠯᠭᠠᠨ ᠮᠡᠳᠡᠭᠦᠯᠵᠦ᠂ ᠮᠡᠳᠡᠭᠦᠯᠬᠦ ᠬᠦᠰᠦᠨᠦᠭᠲᠦ ᠶᠢ ᠲᠠᠭᠯᠠᠨ ᠪᠢᠴᠢᠬᠦ ᠶᠢᠨ ᠬᠠᠮᠲᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠃      ︵1︶ ᠬᠤᠰᠢᠭᠤ ᠰᠢᠶᠠᠨ ︵ᠬᠤᠳᠠ᠂ ᠲᠣᠭᠤᠷᠢᠭ︶ ᠤ ᠲᠥᠬᠦᠭᠡᠷᠦᠮᠵᠢᠲᠦ ᠲᠠᠷᠢᠶᠠᠯᠠᠩ ᠤᠨ ᠣᠳᠣᠬᠢ ᠪᠠᠶᠢᠳᠠᠯ ᠬᠢᠭᠡᠳ ᠬᠥᠭᠵᠢᠯᠲᠡ ᠶᠢᠨ ᠲᠥᠯᠦᠪᠵᠢᠭᠦᠯᠭᠡ︔       ︵2︶ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠦᠮᠡᠨ ᠮᠦ ᠠᠴᠠ ᠳᠡᠭᠡᠭᠰᠢᠬᠢ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠭᠠᠵᠠᠷ ᠵᠦᠢ ᠶᠢᠨ ᠪᠠᠶᠢᠷᠢᠯᠠᠯ ᠪᠠ ᠳᠥᠷᠪᠡᠨ ᠵᠠᠬ᠎ᠠ ᠶᠢᠨ ᠮᠡᠳᠡᠭᠡ ᠵᠠᠩᠭᠢ︔      ︵3︶ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠬᠤ ᠲᠥᠬᠦᠭᠡᠷᠦᠮᠵᠢ ᠶᠢᠨ ᠣᠷᠣᠨ ᠪᠠᠶᠢᠷᠢ᠂ ᠲᠠᠯᠠᠪᠠᠢ ᠶᠢᠨ ᠢᠯᠡᠳᠬᠡᠮᠵᠢ ᠲᠡᠮᠳᠡᠭ︔      ︵4︶ ᠲᠥᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠬᠤ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠲᠥᠰᠥᠯ᠂ ᠬᠡᠷᠡᠭᠯᠡᠬᠦ ᠭᠠᠵᠠᠷ ᠤᠨ ᠭᠡᠷᠡᠴᠢ ᠮᠠᠲ᠋ᠧᠷᠢᠶᠠᠯ ᠵᠢᠴᠢ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠴᠣᠬᠤᠯᠠᠪᠤᠷᠢ ᠵᠡᠷᠭᠡ ᠪᠢᠴᠢᠭ ᠮᠠᠲ᠋ᠧᠷᠢᠶᠠᠯ ᠤᠨ ᠪᠠᠭᠤᠯᠭᠠᠪᠤᠷᠢ︔      ︵5︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠡᠷ᠎ᠡ᠂ ᠪᠠᠷᠢᠯᠭ᠎ᠠ ᠶᠢ ᠰᠢᠯᠭᠠᠨ ᠠᠪᠬᠤ ᠵᠡᠷᠭᠡ ᠭᠡᠷᠡᠴᠢ ᠪᠣᠯᠬᠤ ᠮᠠᠲ᠋ᠧᠷᠢᠶᠠᠯ ᠤᠨ ᠪᠠᠭᠤᠯᠭᠠᠪᠤᠷᠢ︔      ︵6︶ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ ᠪᠠᠶᠢᠭᠤᠯᠤᠭᠰᠠᠨ ᠲᠠᠷᠢᠶᠠᠯᠠᠩ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠤᠭᠰᠠᠨ ᠬᠠᠭᠤᠳᠠᠰᠤ᠃      2. ᠠᠶᠢᠮᠠᠭ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠮᠡᠳᠡᠭᠦᠯᠦᠭᠰᠡᠨ ᠮᠠᠲ᠋ᠧᠷᠢᠶᠠᠯ  ᠢ ᠬᠢᠨᠠᠨ ᠬᠠᠷᠭᠤᠭᠤᠯᠵᠤ ᠰᠢᠯᠭᠠᠨ ᠠᠪᠬᠤ ᠶᠢᠨ ᠬᠠᠮᠲᠤ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠵᠤ᠂ ᠨᠥᠬᠦᠴᠡᠯ ᠳᠤ ᠨᠡᠶᠢᠴᠡᠬᠦ ᠮᠡᠳᠡᠭᠦᠯᠦᠭᠰᠡᠨ ᠬᠤᠰᠢᠭᠤ ᠰᠢᠶᠠᠨ ︵ᠬᠤᠳᠠ᠂ ᠲᠣᠭᠤᠷᠢᠭ︶ ᠢ ᠲᠠᠨᠢᠯᠴᠠᠭᠤᠯᠵᠤ᠂ ᠰᠦᠯᠵᠢᠶ᠎ᠡ᠂ ᠲᠧᠯᠸᠢᠰ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠨᠢᠭᠡᠳᠦᠯᠲᠡᠢ ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ ᠬᠤᠭᠤᠴᠠᠭ᠎ᠠ ᠶᠢ 5 ᠠᠵᠢᠯᠯᠠᠬᠤ ᠡᠳᠦᠷ ᠠᠴᠠ ᠳᠤᠲᠠᠭᠤ ᠦᠭᠡᠢ ᠪᠠᠶᠢᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号