ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠥᠭᠵᠢᠯᠲᠡ ᠶᠢᠨ ᠲᠥᠪ ᠤᠨ ᠬᠤᠶᠠᠳᠤᠭᠠᠷ ᠤᠳᠠᠭᠠᠨ ᠤ ᠪᠠᠷᠢᠮᠵᠢᠶ᠎ᠠ ᠶᠢᠨ ᠬᠢᠨᠠᠨ ᠪᠠᠶᠢᠴᠠᠭᠠᠬᠤ ᠬᠤᠷᠠᠯ ᠳᠡᠭᠡᠷ᠎ᠡ᠂ | ᠪᠠᠶᠠᠨᠨᠠᠭᠤᠷ ᠬᠤᠲᠠ ᠶᠢᠨ ᠲᠣᠭᠲᠠᠭᠠᠭᠰᠠᠨ ᠪᠥᠬᠦ ᠤᠯᠤᠰ ᠤᠨ ᠠᠩᠬᠠᠳᠠᠭᠴᠢ ᠠᠵᠢᠯ ᠲᠥᠷᠥᠯ ᠤᠨ ᠪᠠᠷᠢᠮᠵᠢᠶ᠎ᠠ | ︽ᠨᠡᠷᠡᠨ ᠬᠤᠸᠠᠷ ᠤᠨ ᠡᠭᠦᠯᠳᠡᠷ ᠵᠢᠴᠢ ᠲᠡᠭᠦᠨ ᠤ ᠮᠥᠨ ᠴᠢᠨᠠᠷ ᠤᠨ ᠡᠭᠦᠰᠦᠮᠡᠯ ᠡᠭᠦᠯᠳᠡᠷ MNP ᠮᠣᠯᠧᠺᠦ᠋ᠯ ᠤᠨ | ᠲᠡᠮᠳᠡᠭᠯᠡᠬᠦ ᠠᠷᠭ᠎ᠠ︾ ᠨᠢ ᠬᠢᠨᠠᠨ ᠪᠠᠶᠢᠴᠠᠭᠠᠯᠲᠠ ᠳᠤ ᠬᠢᠷᠢ ᠲᠡᠩᠴᠡᠪᠡ᠃ | ︽ᠨᠡᠷᠡᠨ ᠬᠤᠸᠠᠷ ᠤᠨ ᠡᠭᠦᠯᠳᠡᠷ ᠵᠢᠴᠢ ᠲᠡᠭᠦᠨ ᠤ ᠮᠥᠨ ᠴᠢᠨᠠᠷ ᠤᠨ ᠡᠭᠦᠰᠦᠮᠡᠯ ᠡᠭᠦᠯᠳᠡᠷ MNP | ᠮᠣᠯᠧᠺᠦ᠋ᠯ ᠤᠨ ᠲᠡᠮᠳᠡᠭᠯᠡᠬᠦ ᠠᠷᠭ᠎ᠠ︾ ᠨᠢ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠢ᠂ ᠬᠠᠭᠤᠷᠮᠠᠭ ᠦᠷ᠎ᠡ ᠪᠠ | ᠳᠠᠭᠤᠷᠢᠶᠠᠮᠠᠯ ᠦᠷ᠎ᠡ ᠳᠤ ᠴᠣᠬᠢᠯᠲᠠ ᠥᠭᠬᠦ ᠳᠤ ᠪᠠᠰᠠ ᠨᠢᠭᠡ ︽ᠬᠤᠷᠴᠠ ᠵᠡᠪᠰᠡᠭ︾ ᠨᠡᠮᠡᠭᠰᠡᠨ ᠪᠠᠶᠢᠨ᠎ᠠ᠃ ᠪᠠᠶᠠᠨᠨᠠᠭᠤᠷ | ᠬᠤᠲᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠢᠨ᠎ᠡ ᠡᠭᠦᠯᠳᠡᠷ ᠤᠨ | ᠰᠢᠯᠭᠠᠯᠲᠠ ᠶᠢᠨ ᠲᠥᠪ ᠤᠨ ᠳᠡᠳ᠋ ᠡᠷᠬᠢᠯᠡᠭᠴᠢ ᠶᠠᠩ ᠴᠢᠨ ᠹᠠᠩ ᠲᠠᠨᠢᠯᠴᠠᠭᠤᠯᠬᠤ ᠳᠠᠭᠠᠨ᠂ MNP ︵ᠣᠯᠠᠨ ᠪᠥᠭᠡᠮ | ᠰᠢᠬᠢᠷ ᠤᠨ ᠬᠦᠴᠢᠯ ᠤᠨ ᠣᠯᠠᠨ ᠲᠥᠯᠥᠪᠲᠦ ᠴᠢᠨᠠᠷ︶ ᠮᠣᠯᠧᠺᠦ᠋ᠯ ᠤᠨ ᠲᠡᠮᠳᠡᠭᠯᠡᠬᠦ ᠠᠷᠭ᠎ᠠ ᠪᠣᠯ ᠨᠢᠭᠡ ᠵᠦᠢᠯ ᠤᠨ | ᠰᠢᠨ᠎ᠡ ᠬᠡᠯᠪᠡᠷᠢ ᠶᠢᠨ ᠮᠣᠯᠧᠺᠦ᠋ᠯ ᠤᠨ ᠬᠢᠨᠠᠨ ᠲᠣᠭᠲᠠᠭᠠᠬᠤ ᠮᠡᠷᠭᠡᠵᠢᠯ ᠮᠥᠨ᠂ ᠲᠡᠮᠳᠡᠭᠯᠡᠬᠦ ᠰᠢᠯᠭᠠᠨ | ᠪᠠᠶᠢᠴᠠᠭᠠᠯᠲᠠ ᠶᠢᠨ ᠣᠨᠣᠪᠴᠢ ᠶᠢᠨ ᠬᠡᠮᠵᠢᠶ᠎ᠡ 99.98% ᠳᠤ ᠬᠦᠷᠴᠦ᠂ ᠤᠷᠭᠤᠮᠠᠯ ᠤᠨ ᠡᠭᠦᠯᠳᠡᠷ ᠤᠨ ᠡᠷᠬᠡ ᠳᠤ | ᠣᠨᠣᠪᠴᠢᠲᠠᠶ ᠡᠷᠬᠡ ᠣᠯᠭᠤᠬᠤ᠂ ᠬᠠᠭᠤᠷᠮᠠᠭ ᠦᠢᠯᠡᠳᠬᠦᠨ ᠳᠤ ᠴᠣᠬᠢᠯᠲᠠ ᠥᠭᠬᠦ ᠪᠠ ᠡᠷᠬᠡ ᠪᠠᠨ ᠬᠠᠮᠠᠭᠠᠯᠠᠬᠤ ᠳᠤ | ᠨᠠᠶᠢᠳᠠᠪᠤᠷᠢᠲᠠᠢ ᠪᠠᠷᠢᠮᠵᠢᠶᠠᠲᠤ ᠠᠷᠭ᠎ᠠ ᠪᠠᠷᠢᠯ ᠢ ᠬᠠᠩᠭᠠᠵᠤ᠂ ᠦᠷ᠎ᠡ ᠶᠢᠨ ᠦᠢᠯᠡᠰ ᠤᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠵᠤ᠂ | ᠮᠠᠨ ᠤ ᠤᠯᠤᠰ ᠤᠨ ᠦᠷ᠎ᠡ ᠶᠢᠨ ᠦᠢᠯᠡᠰ ᠤᠨ ᠦᠷ᠎ᠡ ᠪᠣᠶᠢᠵᠢᠭᠤᠯᠬᠤ ᠬᠢᠷᠢ ᠲᠦᠪᠰᠢᠨ ᠪᠠ ᠳᠡᠯᠡᠬᠡᠢ ᠳᠡᠭᠡᠷᠡᠬᠢ | ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠳᠤ ᠠᠰᠢᠭᠲᠠᠢ ᠶᠤᠮ᠃ | ᠣᠶᠢᠯᠠᠭᠠᠭᠰᠠᠨ ᠢᠶᠠᠷ᠂ 2021 ᠣᠨ ᠠᠴᠠ ᠣᠲᠣ ᠪᠣᠯᠲᠠᠯ᠎ᠠ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ | ᠳᠠᠭᠤᠷᠢᠶᠠᠮᠠᠯ ᠦᠷ᠎ᠡ ᠶᠢᠨ ᠠᠰᠠᠭᠤᠳᠠᠯ ᠤᠨ ᠵᠠᠰᠠᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠣᠨᠣᠪᠴᠢᠲᠠᠶ ᠪᠥᠭᠡᠳ | ᠥᠨᠳᠥᠷ ᠪᠦᠲᠦᠮᠵᠢᠲᠡᠶ ᠮᠣᠯᠧᠺᠦ᠋ᠯ ᠤᠨ ᠬᠢᠨᠠᠨ ᠲᠣᠭᠲᠠᠭᠠᠯᠲᠠ ᠶᠢᠨ ᠮᠡᠷᠭᠡᠵᠢᠯ ᠢ ᠠᠰᠢᠭᠯᠠᠨ᠂ ᠲᠠᠷᠢᠶᠠᠨ ᠭᠠᠵᠠᠷ ᠤᠨ | ᠭᠠᠳᠠᠷᠭᠤ ᠶᠢᠨ ᠬᠡᠯᠪᠡᠷᠢ ᠶᠢᠨ ᠬᠢᠨᠠᠨ ᠲᠣᠭᠲᠠᠭᠠᠯᠲᠠ ᠲᠠᠢ ᠤᠶᠠᠯᠳᠤᠭᠤᠯᠤᠨ᠂ 6 ᠪᠦᠯᠦᠭ ᠨᠡᠶᠢᠲᠡ 1413 ᠨᠡᠷᠡᠨ | ᠬᠤᠸᠠᠷ ᠤᠨ ᠡᠭᠦᠯᠳᠡᠷ ᠢ ᠵᠠᠯᠭᠠᠭᠠᠪᠡᠷ ᠬᠦᠴᠦᠨ ᠦᠭᠡᠢ ᠪᠣᠯᠭᠠᠵᠤ᠂ ᠨᠡᠷᠡᠨ ᠬᠤᠸᠠᠷ ᠤᠨ ᠦᠷ᠎ᠡ ᠶᠢᠨ ᠵᠠᠬ᠎ᠠ | ᠳᠡᠯᠭᠡᠭᠦᠷ ᠢ ᠦᠷᠭᠦᠯᠵᠢᠯᠡᠨ ᠴᠡᠪᠡᠷᠰᠢᠭᠦᠯᠦᠭᠰᠡᠨ ᠪᠠᠶᠢᠨ᠎ᠠ᠃ | |