ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/12/5
      12 ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠧᠩ ᠹᠧᠩ ᠵᠥᠩ ᠲᠠᠩᠭᠠᠷᠢᠭᠯᠠᠬᠤ ᠶᠢ ᠬᠢᠨᠠᠵᠤ ᠶᠠᠷᠢᠶ᠎ᠠ ᠲᠠᠯᠪᠢᠪᠠ᠃ ᠲᠢᠩᠬᠢᠮ ᠤᠨ ᠰᠢᠰᠲ᠋ᠧᠮ ᠤᠨ 2024 ᠣᠨ ᠳᠤ ᠲᠤᠰᠢᠶᠠᠯ ᠤᠨ ᠳᠡᠰ ᠲᠤ ᠳᠡᠪᠰᠢᠭᠰᠡᠨ 47 ᠺᠠᠳ᠋ᠷ ᠣᠷᠣᠯᠴᠠᠪᠠ᠃ 
1.jpg
       ᠲᠠᠩᠭᠠᠷᠢᠭᠯᠠᠬᠤ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠤᠯᠤᠰ ᠤᠨ ᠲᠤᠭ ᠭᠡᠷᠡᠯ ᠭᠢᠯᠪᠠᠭ᠎ᠠ ᠰᠠᠴᠤᠷᠠᠵᠤ᠂ ᠤᠯᠤᠰ ᠤᠨ ᠰᠦᠯᠳᠡ ᠥᠨᠳᠥᠷ ᠲᠤ ᠡᠯᠭᠦᠭᠳᠡᠵᠦ᠂ ᠠᠭᠤᠷ ᠠᠮᠢᠰᠬᠤᠯ ᠰᠦᠷ ᠵᠢᠪᠬᠤᠯᠠᠩᠲᠠᠢ ᠪᠥᠭᠡᠳ ᠬᠦᠷ ᠬᠥᠭᠵᠢᠶᠡᠨ ᠲᠠᠢ᠃ ᠦᠳᠡ ᠶᠢᠨ ᠡᠮᠦᠨᠡᠬᠢ 9 ᠴᠠᠭ ᠲᠤ᠂ ᠲᠠᠩᠭᠠᠷᠢᠭᠯᠠᠬᠤ ᠶᠣᠰᠣᠯᠠᠯ ᠡᠬᠢᠯᠡᠵᠦ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠵᠤ᠂ ᠲᠠᠩᠭᠠᠷᠢᠭᠯᠠᠭᠴᠢ ᠤᠯᠤᠰ ᠤᠨ ᠲᠤᠭ ᠪᠣᠯᠣᠨ ᠤᠯᠤᠰ ᠤᠨ ᠰᠦᠯᠳᠡ ᠳᠤ ᠬᠠᠨᠳᠤᠨ ᠬᠠᠮᠲᠤ ᠪᠠᠷ ᠲᠠᠩᠭᠠᠷᠢᠭᠯᠠᠪᠠ᠃      ᠵᠧᠩ ᠹᠧᠩ ᠵᠥᠩ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠢ ᠲᠦᠯᠦᠭᠡᠯᠡᠨ ᠣᠯᠠᠨ ᠢ ᠲᠤᠰ ᠤᠳᠠᠭᠠᠨ ᠤ ᠦᠨᠳᠦᠰᠦᠨ ᠬᠠᠤᠯᠢ ᠳᠤ ᠲᠠᠩᠭᠠᠷᠢᠭᠯᠠᠬᠤ ᠪᠠᠷ ᠰᠢᠨ᠎ᠡ ᠡᠬᠢᠯᠡᠯᠲᠡ ᠪᠣᠯᠭᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠤᠯᠤᠰ ᠲᠦᠷᠦ ᠶᠢᠨ ᠴᠢᠳᠠᠪᠤᠷᠢ ᠶᠢ ᠲᠡᠷᠢᠭᠦᠨ ᠴᠢᠬᠤᠯᠠ ᠴᠢᠳᠠᠪᠤᠷᠢ ᠪᠠᠨ ᠪᠣᠯᠭᠠᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤ ᠢᠲᠡᠭᠡᠵᠦ ᠦᠨᠡᠨᠬᠦ ᠬᠡᠷᠡᠭᠯᠡᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾  ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠬᠢᠴᠢᠶᠡᠩᠭᠦᠶᠢᠯᠡᠨ ᠵᠢᠷᠤᠮᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠪᠠᠷ ᠦᠨᠳᠦᠰᠦᠨ ᠪᠠᠷᠢᠮᠵᠢᠶ᠎ᠠ ᠪᠣᠯᠭᠠᠵᠤ᠂ ᠤᠬᠠᠮᠰᠠᠷ ᠠᠴᠠ ᠪᠠᠨ ᠬᠠᠤᠯᠢ ᠴᠠᠭᠠᠵᠠ ᠳᠤ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠵᠢᠷᠤᠮ ᠶᠣᠰᠣᠭᠠᠷ ᠡᠷᠬᠡ ᠪᠠᠨ ᠬᠡᠷᠡᠭᠵᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠵᠢᠯ ᠤᠨ ᠪᠦᠬᠦ ᠶᠠᠪᠤᠴᠠ᠂ ᠡᠯ᠎ᠡ ᠬᠦᠷᠢᠶ᠎ᠡ ᠴᠠᠷᠠᠭᠠᠨ ᠳᠤ ᠲᠤᠭᠤᠰᠢᠯᠠᠭᠤᠯᠬᠤ ᠬᠡᠷᠡᠭᠲᠡᠢ︔ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠶᠡᠭᠡ ᠲᠠᠯ᠎ᠠ ᠳᠤ ᠦᠢᠯᠡᠴᠢᠯᠡᠬᠦ ᠪᠠᠷ ᠦᠨᠳᠦᠰᠦᠨ ᠤᠳᠤᠷᠢᠳᠤᠮᠵᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠳᠤᠷᠠᠲᠠᠶ᠎ᠠ ᠬᠠᠷᠢᠭᠤᠴᠠᠯᠭ᠎ᠠ ᠡᠭᠦᠷᠭᠡᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ᠤ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠵᠢᠷᠤᠭ ᠢ ᠵᠢᠷᠤᠭᠯᠠᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号