ᠣᠶᠢᠷ᠎ᠠ ᠳᠤ᠂ ᠣᠷᠳᠣᠰ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠬᠢᠭᠡᠳ ᠨᠠᠨᠵᠢᠩ ᠤᠨ ᠶᠡᠭᠡ ᠵᠣᠣ | ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠬᠠᠮᠲᠤᠷᠠᠨ ᠡᠵᠡᠩᠨᠡᠭᠰᠡᠨ ᠣᠷᠳᠣᠰ ᠤᠨ ᠥᠨᠳᠦᠷᠯᠢᠭ ᠤᠨ | ᠲᠠᠷᠢᠶᠠᠯᠠᠩ ᠮᠠᠯ ᠠᠵᠤ ᠠᠬᠤᠢ ᠶᠢᠨ ᠰᠢᠯᠢᠳᠡᠭ ᠪᠦᠲᠦᠭᠡᠭᠳᠡᠬᠦᠨ ᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ | ᠡᠵᠡᠩᠨᠡᠨ ᠪᠣᠷᠣᠯᠠᠭᠤᠯᠬᠤ ᠲᠥᠪ ︵︽ᠳᠤᠯᠠᠭᠠᠨ ᠬᠤᠲᠠ ᠶᠢᠨ ᠣᠯᠠᠨ ᠦᠨᠦᠷ ᠠᠮᠲᠠ︾ ᠨᠠᠨᠵᠢᠩ ᠤᠨ ᠬᠤᠰᠢᠭᠤᠨ | ᠳᠡᠯᠭᠡᠭᠦᠷ·ᠤᠷᠢᠳᠤ ᠶᠢᠨ ᠬᠥᠮᠥᠷᠭᠡ︶ ᠢ ᠲᠤᠷᠰᠢᠨ ᠡᠵᠡᠩᠨᠡᠵᠦ ᠡᠬᠢᠯᠡᠪᠡ᠂ ᠲᠦᠷᠦᠭᠦᠴᠢ ᠪᠦᠯᠦᠭ ᠤᠨ 20 ᠲᠣᠨ 150 | ᠭᠠᠷᠤᠢ ᠲᠦᠮᠡᠨ ᠲᠥᠭᠦᠷᠢᠭ ᠤᠨ ᠥᠷᠲᠡᠭ ᠪᠦᠬᠦᠢ ᠣᠷᠳᠣᠰ ᠨᠤᠲᠤᠭ ᠤᠨ ᠴᠢᠨᠠᠷ ᠰᠠᠶᠢᠲᠠᠢ ᠦᠬᠡᠷ ᠬᠤᠨᠢᠨ | ᠮᠢᠬ᠎ᠠ ᠶᠢ ᠨᠠᠨᠵᠢᠩ ᠳᠤ ᠲᠡᠭᠡᠭᠡᠪᠡ᠃ | | | | | ᠲᠣᠰ ᠲᠥᠪ ᠢ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠷᠳᠣᠰ | ᠬᠤᠲᠠ ᠶᠢᠨ ᠳᠠᠭᠠᠭᠠᠴᠢᠯᠠᠠ ᠬᠠᠮᠲᠤᠷᠠᠭᠰᠠᠨ ᠠᠯᠪᠠᠨ ᠭᠡᠷ᠂ ᠣᠷᠳᠣᠰ ᠬᠤᠲᠠ ᠶᠢᠨ ᠬᠠᠩᠭᠠᠨ ᠪᠣᠷᠣᠯᠠᠭᠤᠯᠬᠤ | ᠬᠤᠷᠰᠢᠶ᠎ᠠ ᠬᠠᠮᠲᠤ ᠪᠠᠷ ᠲᠦᠯᠬᠢᠨ ᠠᠬᠢᠭᠤᠯᠵᠤ᠂ ᠪᠦᠲᠦᠭᠡᠭᠳᠡᠬᠦᠨ ᠢ ᠳᠡᠯᠭᠡᠨ ᠦᠵᠡᠭᠦᠯᠬᠦ᠂ ᠪᠡᠶᠡᠴᠢᠯᠡᠨ ᠣᠶᠢᠯᠠᠭᠠᠬᠤ᠂ | ᠬᠦᠮᠦᠷᠭᠡᠯᠡᠬᠦ ᠶᠢ ᠨᠢᠭᠡ ᠴᠣᠭᠴᠠᠵᠢᠭᠤᠯᠤᠭᠰᠠᠨ ᠣᠷᠳᠣᠰ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠵᠠᠬ᠎ᠠ ᠳᠡᠯᠭᠡᠭᠦᠷ ᠲᠤ | ᠬᠠᠨᠳᠤᠭᠤᠯᠤᠭᠰᠠᠨ ᠶᠡᠷᠦᠩᠬᠡᠶᠢᠯᠡᠭᠰᠡᠨ ᠪᠣᠷᠤᠯᠠᠭᠤᠯᠭ᠎ᠠ ᠶᠢᠨ ᠲᠠᠪᠴᠠᠩ ᠪᠣᠯᠣᠨ᠎ᠠ᠃ ᠣᠷᠳᠣᠰ ᠤᠨ ᠥᠨᠳᠦᠷᠯᠢᠭ ᠤᠨ | ᠲᠠᠷᠢᠶᠠᠯᠠᠩ ᠮᠠᠯ ᠠᠵᠤ ᠠᠬᠤᠢ ᠶᠢᠨ ᠰᠢᠯᠢᠳᠡᠭ ᠪᠦᠲᠦᠭᠡᠭᠳᠡᠬᠦᠨ ᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ | ᠡᠵᠡᠩᠨᠡᠨ ᠪᠣᠷᠣᠯᠠᠭᠤᠯᠬᠤ ᠲᠥᠪ ᠢ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠨᠢ ᠪᠥᠬᠦ ᠬᠤᠲᠠ ᠶᠢᠨ | ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ | ᠬᠦᠴᠦ ᠨᠡᠮᠡᠷᠢᠯᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠣᠯᠣᠨ᠎ᠠ᠃ ︽ᠳᠤᠯᠠᠭᠠᠨ ᠬᠤᠲᠠ ᠶᠢᠨ | ᠣᠯᠠᠨ ᠦᠨᠦᠷ ᠠᠮᠲᠠ︾ ᠲᠠᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ ᠶᠢ ᠤᠯᠠᠮ ᠨᠢᠭᠡ | ᠠᠯᠬᠤᠮ ᠤᠬᠠᠭᠤᠯᠤᠨ ᠳᠡᠯᠭᠡᠷᠡᠭᠦᠯᠵᠦ᠂ ᠣᠷᠳᠣᠰ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠪᠥᠬᠦ | ᠤᠯᠤᠰ ᠤᠨ ᠡᠯ᠎ᠡ ᠭᠤᠣᠯ ᠪᠣᠯᠬᠤ ᠬᠡᠷᠡᠭᠯᠡᠭᠡᠨ ᠤ ᠬᠤᠲᠠ ᠳᠤ ᠣᠷᠣᠭᠤᠯᠬᠤ ᠳᠤ ᠪᠣᠷᠤᠯᠠᠭᠤᠯᠭ᠎ᠠ ᠶᠢᠨ ᠲᠣᠭᠲᠠᠪᠤᠷᠢᠲᠠᠢ | ᠠᠷᠭ᠎ᠠ ᠵᠠᠮ ᠢ ᠡᠷᠢᠯᠬᠢᠯᠡᠨ ᠥᠭᠴᠦ᠂ ᠣᠷᠳᠣᠰ ᠤᠨ ᠨᠠᠷᠠᠲᠤ ᠰᠢᠯᠢᠳᠡᠭ ᠣᠨᠴᠠ ᠭᠠᠷᠤᠯᠲᠠ ᠶᠢ ︽ᠭᠠᠳᠠᠭᠰᠢ ᠭᠠᠷᠭᠠᠬᠤ︾ | ᠪᠠ ᠨᠢᠭᠡᠳᠦᠭᠡᠷ ᠵᠡᠷᠭᠡ ᠶᠢᠨ ᠬᠤᠲᠠ ᠶᠢᠨ ︽ᠬᠤᠭᠤᠯᠠᠨ ᠰᠢᠷᠡᠭᠡ︾ ᠲᠠᠢ ᠥᠨᠳᠥᠷ ᠪᠦᠲᠦᠮᠵᠢᠲᠡᠶ ᠪᠠᠷ | ᠵᠣᠯᠭᠠᠭᠤᠯᠬᠤ ᠶᠢ ᠠᠬᠢᠭᠤᠯᠵᠤ᠂ ᠣᠷᠳᠣᠰ ᠨᠤᠲᠤᠭ ᠤᠨ ᠠᠯᠳᠠᠷᠰᠢᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ | ᠬᠤᠲᠠ ᠵᠢᠨᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠥᠪᠥᠷ ᠮᠣᠩᠭᠤᠯ ᠠᠴᠠ ᠭᠠᠷᠭᠠᠵᠤ᠂ | ᠤᠯᠤᠰ ᠤᠨ ᠳᠣᠲᠣᠭᠠᠳᠤ ᠶᠢᠨ ᠲᠣᠮᠣ ᠵᠠᠬ᠎ᠠ ᠳᠡᠯᠭᠡᠭᠦᠷ ᠲᠤ ᠣᠷᠤᠭᠤᠯᠬᠤ ᠶᠢ ᠠᠬᠢᠭᠤᠯᠬᠤ ᠪᠣᠯᠤᠨ᠎ᠠ᠃ | |