ᠮᠠᠨ ᠤ ᠣᠷᠣᠨ ᠤ 2 ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ 8000 ᠲᠦᠮᠡᠨ ᠲᠥᠭᠦᠷᠢᠭ  ᠤᠨ ᠲᠤᠰᠬᠠᠢ ᠪᠡᠯᠡ ᠮᠥᠩᠭᠦ ᠶᠢᠨ ᠳᠡᠮᠵᠢᠯᠭᠡ ᠶᠢ ᠭᠦᠷᠳᠡᠭᠦ ᠪᠠᠷ ᠪᠤᠢ
ᠨᠡᠶᠢᠲᠡᠯᠡᠭᠰᠡᠨ ᠴᠠᠭ᠄
2024/12/6
      ᠣᠶᠢᠷ᠎ᠠ ᠳᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ︽2024 ᠣᠨ ᠤ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠠᠵᠢᠯ ᠤᠨ ᠪᠦᠲᠦᠮᠵᠢ ᠶᠢᠨ ᠦᠨᠡᠯᠡᠨ ᠵᠢᠱᠢᠯᠲᠡ  ᠳᠤ ᠪᠠᠲᠤᠯᠠᠭᠳᠠᠭᠰᠠᠨ ᠨᠡᠷᠡᠰ ᠤᠨ ᠵᠢᠭᠰᠠᠭᠠᠯᠲᠠ ᠶᠢᠨ ᠲᠤᠬᠠᠢ ᠮᠡᠳᠡᠭᠳᠡᠯ︾ ᠢ ᠨᠡᠶᠢᠲᠡᠯᠡᠪᠡ᠃ ᠡᠭᠦᠨ ᠳᠤ ᠮᠠᠨ ᠤ ᠣᠷᠣᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠣᠨ ᠵᠠᠯᠠᠨ ᠠᠶᠢᠯ ᠬᠤᠲᠠ ᠶᠢᠨ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠨᠢ ᠨᠡᠷᠡᠰ ᠤᠨ ᠵᠢᠭᠰᠠᠭᠠᠯᠲᠠ ᠳᠤ ᠣᠷᠣᠵᠤ᠂ ᠵᠠᠯᠭᠠᠭᠠᠳ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠠᠵᠤ ᠦᠢᠯᠡᠰ ᠤᠨ ᠬᠥᠭᠵᠢᠯᠲᠡ ᠶᠢᠨ 8000 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠶᠢᠨ ᠳᠡᠮᠵᠢᠯᠭᠡ ᠶᠢ ᠭᠦᠷᠳᠡᠭᠦ ᠪᠣᠯᠣᠨ᠎ᠠ᠃      2017 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ᠂ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠶᠢᠨ ᠬᠠᠮᠲᠤ ︽ᠦᠢᠯᠡᠳᠪᠦᠷᠢᠯᠡᠬᠦ + ᠪᠤᠯᠪᠠᠰᠤᠷᠠᠭᠤᠯᠬᠤ + ᠰᠢᠨᠵᠢᠯᠡᠬᠦ ᠤᠬᠠᠭᠠᠨ ᠲᠸᠭᠨᠢᠭ ᠮᠡᠷᠭᠡᠵᠢᠯ︾ ᠢ ᠨᠢᠭᠡ ᠴᠣᠭᠴᠠᠵᠢᠭᠤᠯᠤᠨ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠤᠨ ᠳᠠᠪᠠᠭᠤᠯᠢᠭ ᠭᠤᠣᠯᠯᠠᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠣᠳᠣ ᠦᠶ᠎ᠡ ᠶᠢᠨ ᠲᠠᠷᠢᠵᠤ ᠲᠡᠵᠢᠭᠡᠬᠦ ᠰᠠᠭᠤᠷᠢᠨ ᠢ ᠪᠦᠲᠦᠭᠡᠨ ᠪᠠᠶᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠶᠢ ᠬᠥᠭᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡ ᠶᠢ ᠠᠬᠢᠭᠤᠯᠪᠠ᠃      ᠤᠳᠤ ᠪᠤᠯᠳᠠᠯ᠎ᠡ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ 11.4 ᠳ᠋ᠦᠩᠰᠢᠭᠤᠷ ᠲᠥᠭᠦᠷᠢᠭ ᠤᠨ ᠪᠡᠯᠡ ᠮᠥᠩᠭᠦ ︵ᠡᠭᠦᠨ ᠳᠤ᠄ ᠲᠥᠪ ᠤᠨ ᠡᠳ᠋ ᠤᠨ ᠵᠠᠰᠠᠭ ᠤᠨ 7.8 ᠳ᠋ᠦᠩᠰᠢᠭᠤᠷ ᠲᠥᠭᠦᠷᠢᠭ ᠤᠨ ᠪᠡᠯᠡ ᠮᠥᠩᠭᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ 3.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ︶ ᠢ ᠡᠷᠡᠮᠡᠯᠵᠡᠨ ᠣᠯᠬᠤ ᠶᠢᠨ ᠬᠠᠮᠲᠤ ᠨᠠᠶᠢᠳᠠᠪᠤᠷᠢᠵᠢᠭᠤᠯᠵᠤ᠂ ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢ 137.39 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠠᠢ᠃ ᠰᠢᠷ᠎ᠠ ᠪᠤᠷᠴᠠᠭ᠂ ᠮᠢᠬᠠᠨ ᠤ ᠬᠤᠨᠢ᠂ ᠮᠢᠬᠠᠨ ᠤ ᠦᠬᠡᠷ᠂ ᠰᠠᠭᠠᠯᠢ ᠶᠢᠨ ᠦᠨᠢᠶ᠎ᠡ᠂ ᠤᠰᠤᠨ ᠲᠤᠲᠤᠷᠭ᠎ᠠ᠂ ᠲᠥᠮᠥᠰᠥ ᠵᠡᠷᠭᠡ ᠥᠪᠡᠷᠮᠢᠴᠡ ᠣᠨᠴᠠᠯᠢᠭᠲᠤ ᠳᠠᠪᠠᠭᠤᠯᠢᠭ ᠭᠤᠣᠯᠯᠠᠬᠤ ᠠᠵᠤ ᠦᠢᠯᠡᠰ ᠢ ᠬᠥᠭᠵᠢᠭᠦᠯᠬᠦ ᠲᠣᠭᠤᠷᠢᠨ ᠳᠤ᠂ ᠭᠦᠭᠡᠬᠤᠲᠠ ᠶᠢᠨ ᠬᠤᠷᠢᠨᠭᠡᠷ ᠰᠢᠶᠠᠨ ᠤ ᠰᠦ ᠶᠢᠨ ᠦᠢᠯᠡᠰ᠂ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠨᠡᠷᠡᠨ ᠬᠤᠸᠠᠷ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠨᠠᠷᠢᠮᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠢᠬᠠᠨ ᠤ ᠦᠬᠡᠷ᠂ ᠪᠠᠶᠠᠨᠨᠠᠭᠤᠷ ᠬᠤᠲᠠ ᠶᠢᠨ ᠬᠠᠩᠭᠢᠨ ᠬᠤᠶᠢᠲᠤ ᠬᠤᠰᠢᠭᠤᠨ ᠤ ᠵᠢᠮᠢᠰ ᠢᠳᠡᠰᠢᠨ ᠨᠣᠭᠤᠭ᠎ᠠ ᠵᠡᠷᠭᠡ ︽ᠦᠢᠯᠡᠳᠪᠦᠷᠢᠯᠡᠬᠦ ᠪᠤᠯᠪᠠᠰᠤᠷᠠᠭᠤᠯᠬᠤ ᠪᠣᠷᠣᠯᠠᠭᠤᠯᠬᠤ︾ ᠶᠢ ᠨᠢᠭᠡ ᠴᠣᠭᠴᠠᠵᠢᠭᠤᠯᠤᠨ ᠬᠥᠭᠵᠢᠭᠦᠯᠦᠭᠰᠡᠨ 31 ᠠᠵᠤ ᠦᠢᠯᠡᠰ ᠤᠨ ᠬᠦᠷᠢᠶᠡᠯᠡᠩ ᠤᠨ ᠦᠢᠯᠡᠳᠬᠦᠨ ᠤ ᠥᠷᠲᠡᠭ ᠨᠢ 20 ᠳ᠋ᠦᠩᠰᠢᠭᠤᠷ ᠲᠥᠭᠦᠷᠢᠭ ᠢ ᠳᠠᠪᠠᠵᠤ᠂ ᠬᠦᠷᠢᠶᠡᠯᠡᠩ ᠲᠣᠭᠤᠷᠢᠭ ᠢᠶᠠᠷ ᠲᠠᠷᠢᠶᠠᠯᠠᠩ ᠤᠨ ᠣᠳᠣᠬᠢᠴᠢᠯᠠᠯᠲᠠ ᠶᠢ ᠬᠥᠲᠥᠯᠥᠨ ᠳᠠᠭᠠᠭᠤᠯᠬᠤ ᠬᠥᠭᠵᠢᠯᠲᠡ ᠶᠢᠨ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠪᠡ᠃ 
 
ᠢᠷᠡᠯᠲᠡ᠄ ᠳᠤᠮᠳᠠᠲᠦ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号