ᠥᠪᠥᠷ ᠮᠣᠩᠭᠤᠯ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠴᠠᠭᠠᠨ ᠰᠠᠷ᠎ᠠ ᠶᠢᠨ ᠪᠠᠷᠠᠭ᠎ᠠ ᠶᠢ ᠬᠤᠳᠠᠯᠳᠤᠭ᠎ᠠ ᠬᠡᠲᠦ ᠳᠡᠯᠭᠡᠭᠦᠷ ᠲᠤ ᠣᠷᠣᠭᠤᠯᠬᠤ ᠲᠤᠰᠬᠠᠢ ᠠᠵᠢᠯᠯᠠᠭ᠎ᠠ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2024/12/7
      12 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠴᠠᠭᠠᠨ ᠰᠠᠷ᠎ᠠ ᠶᠢᠨ ᠪᠠᠷᠠᠭᠠᠨ ᠤ ᠰᠢᠷᠢᠰ ᠠᠵᠢᠯᠯᠠᠭ᠎ᠠ ᠵᠢᠴᠢ ᠲᠦᠩᠯᠢᠶᠣᠣ ᠬᠤᠲᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ︱ ᠬᠤᠳᠠᠯᠳᠤᠭ᠎ᠠ ᠬᠡᠲᠦ ᠳᠡᠯᠭᠡᠭᠦᠷ ᠲᠤ ᠣᠷᠣᠭᠤᠯᠬᠤ ᠲᠤᠰᠬᠠᠢ ᠠᠵᠢᠯᠯᠠᠭ᠎ᠠ ᠪᠡᠭᠡᠵᠢᠩ ᠳᠤ ᠶᠠᠪᠤᠭᠳᠠᠪᠠ᠂ ᠲᠣᠰ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠪᠡᠭᠡᠵᠢᠩ ᠬᠤᠲᠠ ᠶᠢᠨ ᠲᠠᠷᠢᠶᠠᠯᠠᠩ ᠬᠥᠳᠡᠭᠡ ᠲᠣᠰᠬᠤᠨ ᠤ ᠲᠣᠪᠴᠢᠶ᠎ᠠ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠬᠠᠮᠲᠤᠷᠠᠨ ᠡᠷᠭᠢᠯᠡᠵᠦ᠂ ᠪᠡᠭᠡᠵᠢᠩ ᠤᠨ ᠹᠸᠢ ᠯᠢᠩ ᠾᠧ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠳᠠᠭᠠᠭᠠᠴᠢᠯᠠᠨ ᠡᠷᠭᠢᠯᠡᠪᠡ᠃ ᠥᠪᠥᠷ ᠮᠣᠩᠭᠤᠯ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠡᠭᠡᠵᠢᠩ ᠳᠠᠬᠢ ᠴᠠᠭᠠᠨ ᠰᠠᠷ᠎ᠠ ᠶᠢᠨ ᠪᠠᠷᠠᠭᠠᠨ ᠤ ᠰᠢᠷᠢᠰ ᠠᠵᠢᠯᠯᠠᠭ᠎ᠠ ᠶᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠲᠣᠰ ᠤᠳᠠᠭᠠᠨ ᠤ ᠠᠵᠢᠯᠯᠠᠭ᠎ᠠ ᠳᠤ ᠪᠡᠭᠡᠵᠢᠩ ᠳᠤ ᠪᠠᠶᠢᠭ᠎ᠠ ᠦᠢ ᠣᠯᠠᠨ ᠨᠢᠭᠡᠴᠡ ᠵᠢᠴᠢ ᠡᠷᠬᠢᠨ ᠲᠣᠭᠤᠷᠢᠨ ᠤ ᠮᠢᠩᠭ᠎ᠠ ᠰᠢᠬᠠᠮ ᠬᠤᠲᠠ ᠶᠢᠨ ᠠᠷᠠᠳ ᠬᠠᠯᠠᠭᠤᠨ ᠰᠡᠳᠬᠢᠯ ᠢᠶᠠᠷ ᠣᠷᠣᠯᠴᠠᠭᠰᠠᠨ ᠪᠠᠶᠢᠨ᠎ᠠ᠃
1.png
      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠥᠪᠥᠷ ᠮᠣᠩᠭᠤᠯ ᠤᠨ 12 ᠠᠶᠢᠮᠠᠭ ᠬᠤᠳᠠ ᠶᠢᠨ 400 ᠭᠠᠷᠤᠢ ᠲᠦᠷᠦᠯ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠴᠤᠭᠯᠠᠭᠤᠯᠵᠤ᠂ ᠮᠢᠬᠠᠨ ᠤ ᠵᠦᠢᠯ᠂ ᠠᠮᠤ ᠪᠤᠳᠠᠭ᠎ᠠ ᠲᠣᠰᠣ᠂ ᠴᠠᠭᠠᠨ ᠢᠳᠡᠭᠡᠨ᠂ ᠪᠦᠳᠦᠭᠦᠯᠢᠭ ᠠᠮᠤ ᠪᠤᠳᠠᠭ᠎ᠠ ᠵᠡᠷᠭᠡ ᠤᠯᠠᠨ ᠲᠦᠷᠦᠯ ᠵᠦᠢᠯ ᠢ ᠬᠠᠮᠤᠷᠴᠤ᠂ ᠥᠪᠥᠷ ᠮᠣᠩᠭᠤᠯ ᠤᠨ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠪᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠡᠢ᠃ ᠦᠵᠡᠰᠬᠦᠯᠡᠩ ᠳᠤ ᠣᠷᠣᠯᠴᠠᠭᠰᠠᠨ ᠬᠤᠳᠠᠯᠳᠤᠭᠠᠴᠢᠳ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠪᠣᠯᠣᠨ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠪᠦᠲᠦᠭᠡᠭᠳᠡᠬᠦᠨ ᠵᠢᠴᠢ ᠦᠢᠯᠡᠳᠬᠦ ᠤᠷ᠎ᠠ ᠮᠡᠷᠭᠡᠵᠢᠯ ᠢᠶᠠᠨ ᠢᠳᠡᠪᠬᠢᠲᠡᠢ ᠲᠠᠨᠢᠯᠴᠠᠭᠤᠯᠵᠤ᠂ ᠪᠦᠲᠦᠭᠡᠭᠳᠡᠬᠦᠨ ᠢᠶᠠᠨ ᠳᠡᠯᠭᠡᠨ ᠦᠵᠡᠭᠦᠯᠬᠦ᠂ ᠲᠤᠬᠠᠢ ᠶᠢᠨ ᠲᠠᠯᠠᠪᠠᠢ ᠳᠤ ᠬᠤᠳᠠᠯᠳᠤᠬᠤ᠂ ᠲᠤᠷᠰᠢᠨ ᠢᠳᠡᠵᠦ ᠰᠢᠯᠭᠠᠨ ᠦᠵᠡᠬᠦ ᠵᠡᠷᠭᠡ ᠤᠯᠠᠨ ᠶᠠᠩᠵᠤ ᠶᠢᠨ ᠬᠡᠯᠪᠡᠷᠢ ᠪᠠᠷ ᠳᠠᠮᠵᠢᠭᠤᠯᠵᠤ᠂ ᠠᠷᠠᠳ ᠤᠯᠠᠨ ᠳᠤ ︽ᠮᠢᠩᠭᠠᠨ ᠭᠠᠵᠠᠷ ᠤᠨ ᠲᠠᠯ᠎ᠠ ᠨᠤᠲᠤᠭ᠂ ᠲᠦᠮᠡᠨ ᠴᠢᠩ ᠮᠠᠯᠵᠢᠯ ᠤᠨ ᠲᠠᠯᠠᠪᠠᠢ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠲᠤᠯ ᠦᠭᠡᠢ ᠰᠠᠶᠢᠬᠠᠨ ᠦᠨᠦᠷᠠᠮᠲᠠ︾  ᠶᠢᠨ ᠥᠪᠡᠷᠮᠢᠴᠡ ᠷᠢᠳᠢ ᠰᠢᠳᠢ ᠶᠢ ᠣᠶᠢᠷ᠎ᠠ ᠵᠠᠢ ᠠᠴᠠ ᠮᠡᠳᠡᠷᠡᠭᠦᠯᠪᠡ᠃ ᠡᠭᠦᠨ ᠤ ᠵᠡᠷᠭᠡ ᠳᠤ ᠭᠤᠶᠢᠳᠠ ᠰᠠᠶᠢᠬᠠᠨ ᠣᠨᠴᠠᠯᠢᠭᠲᠤ ᠲᠣᠭᠯᠠᠯᠲᠠ ᠨᠢ ᠲᠤᠬᠠᠢ  ᠶᠢᠨ ᠲᠠᠯᠠᠪᠠᠶ  ᠶᠢᠨ ᠦᠵᠡᠭᠴᠢᠳ ᠲᠤ ᠲᠠᠯ᠎ᠠ ᠨᠤᠲᠤᠭ ᠤᠨ ᠰᠣᠶᠣᠯ ᠤᠨ ᠭᠦᠨᠵᠡᠭᠡᠢ ᠣᠶᠢᠯᠠᠭᠠᠯᠲᠠ  ᠶᠢ ᠣᠯᠭᠤᠭᠰᠠᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 42 ᠬᠤᠳᠠᠯᠳᠤᠨ ᠠᠪᠬᠤ ᠨᠢᠭᠡᠴᠡ ᠴᠠᠭᠠᠨ ᠰᠠᠷ᠎ᠠ ᠶᠢᠨ ᠲᠣᠬᠤᠨᠢᠭᠤᠯᠭ᠎ᠠ ᠶᠢᠨ ᠬᠤᠳᠠᠯᠳᠤᠭ᠎ᠠ ᠶᠢᠨ ᠰᠠᠨᠠᠮᠵᠢ ᠲᠠᠢ ᠪᠣᠯᠵᠤ᠂ ᠬᠤᠳᠠᠯᠳᠤᠨ ᠠᠪᠬᠤ ᠵᠣᠭᠤᠰ ᠤᠨ ᠲᠤᠭ᠎ᠠ ᠨᠢ 1200 ᠲᠦᠮᠡᠨ ᠲᠥᠭᠦᠷᠢᠭ ᠲᠤ ᠬᠦᠷᠴᠡᠢ᠃
3.png
      ᠲᠦᠩᠯᠢᠶᠣᠣ ᠬᠤᠲᠠ ᠨᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠬᠤᠯᠠ ᠲᠤᠯᠭᠠᠭᠤᠷᠢ ᠪᠣᠯᠤᠭᠰᠠᠨ ᠤ ᠬᠤᠪᠢ ᠳᠤ᠂ ᠲᠡᠭᠦᠨ ᠤ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠨᠢ ᠲᠤᠰ ᠤᠳᠠᠭᠠᠨ ᠤ ᠳᠡᠯᠭᠡᠨ ᠪᠣᠷᠤᠯᠠᠭᠤᠯᠭ᠎ᠠ ᠶᠢᠨ ᠴᠤᠭᠯᠠᠭᠠᠨ ᠳᠤ ᠭᠡᠷᠡᠯ ᠭᠢᠯᠪᠠᠭ᠎ᠠ ᠪᠠᠨ ᠰᠠᠴᠤᠷᠠᠭᠤᠯᠵᠠᠢ᠃ ᠲᠦᠩᠯᠢᠶᠣᠣ ᠶᠢᠨ ᠦᠬᠡᠷ ᠤᠨ ᠮᠢᠬ᠎ᠠ᠂ ᠰᠢᠨ᠎ᠡ ᠰᠦ ᠲᠠᠢ ᠪᠢᠰᠢᠯᠠᠭ᠂ ᠮᠣᠩᠭᠤᠯ ᠰᠦ ᠲᠠᠢ ᠴᠠᠢ ᠵᠡᠷᠭᠡ ᠣᠨᠴᠠᠯᠢᠭᠲᠤ ᠪᠦᠲᠦᠭᠡᠭᠳᠡᠬᠦᠨ ᠨᠢ ᠮᠠᠰᠢ ᠤᠯᠠᠨ ᠬᠤᠳᠠ ᠶᠢᠨ ᠠᠷᠠᠳ ᠤᠨ ᠠᠩᠬᠠᠷᠤᠯ ᠢ ᠲᠠᠲᠠᠵᠤ᠂ ᠳᠡᠯᠭᠡᠨ ᠪᠣᠷᠣᠯᠠᠭᠤᠯᠬᠤ ᠴᠤᠭᠯᠠᠭᠠᠨ ᠤ ᠲᠥᠪᠯᠡᠷᠡᠯ ᠤᠨ ᠴᠡᠭ ᠪᠣᠯᠤᠭᠰᠠᠨ ᠪᠠᠶᠢᠨ᠎ᠠ᠃ ᠲᠤᠰ ᠤᠳᠠᠭ᠎ᠠ ᠶᠢᠨ ᠠᠵᠢᠯᠯᠠᠭ᠎ᠠ ᠪᠠᠷ ᠳᠠᠮᠵᠢᠨ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠦᠩᠯᠢᠶᠣᠣ ᠶᠢᠨ ᠪᠠᠶᠢᠭᠠᠯᠢ ᠶᠢᠨ ᠳᠠᠪᠠᠭᠤᠯᠢᠭ ᠪᠣᠯᠣᠨ ᠡᠯᠪᠡᠭ ᠪᠠᠶᠠᠯᠢᠭ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠣᠶᠢᠯᠠᠭᠠᠭᠰᠠᠨ ᠢᠶᠠᠷ ᠪᠠᠷᠠᠬᠤ ᠦᠭᠡᠢ ᠪᠠᠰᠠ ᠲᠦᠩᠯᠢᠶᠣᠣ ᠬᠤᠳᠠ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠱᠠᠲᠤᠴᠢ ᠴᠢᠨᠠᠷᠲᠠᠢ ᠦᠷ᠎ᠡ ᠪᠦᠲᠦᠭᠡᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠡᠢ᠃      11 ᠰᠠᠷ᠎ᠠ ᠶᠢᠨ ᠡᠬᠢ ᠪᠠᠷ ᠡᠬᠢᠯᠡᠭᠰᠡᠨ ᠠᠴᠠ ᠨᠠᠭᠠᠰᠢ᠂ ᠥᠪᠥᠷ ᠮᠣᠩᠭᠤᠯ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠡᠭᠡᠵᠢᠩ ᠳᠠᠬᠢ ᠴᠠᠭᠠᠨ ᠰᠠᠷ᠎ᠠ ᠶᠢᠨ ᠪᠠᠷᠠᠭᠠᠨ ᠤ ᠰᠢᠷᠢᠰ ᠠᠵᠢᠯᠯᠠᠭ᠎ᠠ ᠶᠢ ᠨᠢᠭᠡᠨᠲᠡ 6 ᠲᠠᠯᠠᠪᠤᠷ ᠤᠳᠠᠭ᠎ᠠ ᠠᠮᠵᠢᠯᠲᠠ ᠲᠠᠢ ᠡᠷᠭᠢᠯᠡᠵᠦ᠂ ᠬᠤᠳᠠᠯᠳᠤᠨ ᠠᠪᠬᠤ ᠬᠡᠯᠡᠯᠴᠡᠭᠡᠷ ᠲᠤ ᠨᠡᠶᠢᠲᠡ 3.6 ᠳ᠋ᠦᠩᠰᠢᠭᠤᠷ ᠲᠥᠭᠦᠷᠢᠭ ᠤᠨ ᠭᠠᠷ ᠤᠨ ᠥᠰᠥᠭ ᠵᠢᠷᠤᠪᠠ᠃ ᠳᠡᠯᠭᠡᠨ ᠪᠣᠷᠣᠯᠠᠭᠤᠯᠬᠤ ᠪᠦᠲᠦᠭᠡᠭᠳᠡᠬᠦᠨ ᠢᠶᠠᠷ ᠲᠣᠯᠢ ᠪᠣᠯᠭᠠᠬᠤ ᠠᠯᠢ ᠣᠯᠠᠨ ᠠᠵᠢᠯᠯᠠᠭ᠎ᠠ ᠪᠠᠷ ᠳᠠᠮᠵᠢᠭᠤᠯᠤᠨ᠂ ᠥᠪᠥᠷ ᠮᠣᠩᠭᠤᠯ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠢ ᠠᠮᠵᠢᠯᠲᠠ ᠲᠠᠢ ᠪᠠᠷ ᠳᠡᠭᠡᠭᠰᠢᠯᠡᠭᠦᠯᠵᠦ᠂ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠠᠬᠢᠭᠤᠯᠵᠤ᠂ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠤᠯᠠᠮ ᠨᠢᠭᠡ ᠠᠯᠬᠤᠮ ᠬᠡᠷᠡᠭᠵᠢᠭᠦᠯᠬᠦ ᠶᠢ ᠠᠬᠢᠭᠤᠯᠪᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠡᠭᠡᠵᠢᠩ ᠳᠠᠬᠢ ᠴᠠᠭᠠᠨ ᠰᠠᠷ᠎ᠠ ᠶᠢᠨ ᠪᠠᠶᠠᠷ ᠤᠨ ᠰᠢᠷᠢᠰ ᠠᠵᠢᠯᠯᠠᠭ᠎ᠠ  ᠨᠢ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ ᠦᠷᠭᠦᠯᠵᠢᠯᠡᠵᠦ᠂ ᠥᠪᠥᠷ ᠮᠣᠩᠭᠤᠯ ᠤᠨ ᠨᠠᠩ ᠣᠯᠠᠨ ᠥᠪᠡᠷᠮᠢᠴᠡ ᠣᠨᠴᠠᠯᠢᠭ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠶᠠᠮᠤᠨ ᠬᠤᠷᠢᠶ᠎ᠠ᠂ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠬᠦᠷᠭᠡᠬᠦ ᠶᠢᠨ ᠬᠠᠮᠲᠤ ᠪᠡᠭᠡᠵᠢᠩ ᠤᠨ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠲᠤ ᠳᠡᠯᠭᠡᠨ ᠦᠵᠡᠭᠦᠯᠵᠦ᠂ ᠪᠡᠭᠡᠵᠢᠩ ᠤᠨ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠭᠦᠨᠵᠡᠭᠡᠶᠢᠷᠡᠭᠦᠯᠦᠨ᠂ ᠨᠡᠶᠢᠰᠯᠡᠯ ᠬᠤᠲᠠ ᠶᠢᠨ ᠠᠷᠠᠳ ᠲᠤ ᠨᠠᠩ ᠣᠯᠠᠨ ᠴᠠᠭᠠᠨ ᠰᠠᠷ᠎ᠠ ᠶᠢᠨ ᠪᠠᠷᠠᠭ᠎ᠠ ᠰᠣᠩᠭᠤᠬᠤ ᠪᠠ ᠲᠠᠯ᠎ᠠ ᠨᠤᠲᠤᠭ ᠤᠨ ᠠᠮᠲᠠᠲᠤ ᠢᠳᠡᠭᠡᠨ ᠤ ᠣᠶᠢᠯᠠᠭᠠᠯᠲᠠ ᠬᠠᠩᠭᠠᠬᠤ ᠪᠣᠯᠣᠨ᠎ᠠ᠃ ᠢᠷᠡᠭᠡᠳᠦᠢ ᠳᠤ ᠪᠠᠰᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠩ ᠣᠯᠠᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠤᠯᠤᠰ ᠤᠨ ᠵᠠᠬ᠎ᠠ ᠳᠡᠯᠭᠡᠭᠦᠷ ᠲᠤ ᠭᠠᠷᠭᠠᠬᠤ ᠶᠢ ᠲᠦᠯᠬᠢᠨ ᠠᠬᠢᠭᠤᠯᠵᠤ᠂ ᠬᠡᠷᠡᠭᠯᠡᠭᠴᠢᠳ ᠲᠤ ᠥᠪᠥᠷ ᠮᠣᠩᠭᠤᠯ ᠤᠨ ᠲᠠᠯ᠎ᠠ ᠨᠤᠲᠤᠭ ᠤᠨ ᠨᠠᠩ ᠣᠯᠠᠨ ᠡᠷᠡᠭᠦᠯ ᠰᠠᠶᠢᠬᠠᠨ ᠦᠨᠦᠷ ᠠᠮᠲᠠ ᠶᠢ ᠠᠪᠴᠢᠷᠠᠵᠤ ᠥᠭᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号