2024 ᠣᠨ ᠤ ᠪᠥᠬᠦ ᠣᠷᠣᠨ ᠤ ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ ᠶᠢᠨ ᠪᠣᠯᠪᠠᠰᠤᠷᠠᠯ ᠤᠨ ᠠᠩᠭᠢ ᠶᠢ ᠬᠥᠬᠡᠬᠤᠲᠠ ᠳᠤ ᠡᠷᠬᠢᠯᠡᠪᠡ
ᠨᠡᠶᠢᠲᠡᠯᠡᠭᠰᠡᠨ ᠴᠠᠭ᠄
2024/12/7
      ᠪᠦᠬᠦ ᠣᠷᠣᠨ ᠤ ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ ᠶᠢᠨ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠢ ᠣᠨᠣᠪᠴᠢᠲᠠᠶ ᠵᠠᠳᠠᠯᠵᠤ᠂ ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ ᠶᠢᠨ ᠲᠣᠬᠢᠷᠠᠭᠤᠯᠤᠯᠲᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠳᠤ ᠦᠵᠡᠭᠦᠯᠬᠦ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ᠂ ᠠᠵᠢᠯ ᠤᠨ ᠵᠢᠯᠤᠭᠤᠳᠬᠤ ᠦᠢᠯᠡᠳᠦᠯ ᠢ ᠦᠨᠡᠨᠬᠦ ᠪᠠᠳᠠᠷᠠᠭᠤᠯᠬᠤ ᠶᠢᠨ ᠲᠥᠯᠥᠭᠡ 12 ᠰᠠᠷ᠎ᠠ ᠶᠢᠨ 5 ᠤ ᠡᠳᠦᠷ ᠠᠴᠠ 6 ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ  ᠠᠴᠠ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠮᠤ ᠲᠣᠰᠣᠨ ᠤ ᠭᠠᠵᠠᠷ  ᠠᠴᠠ ᠳᠠᠭᠠᠭᠠᠨ ᠡᠷᠭᠢᠯᠡᠭᠰᠡᠨ ︽ᠪᠥᠬᠦ ᠣᠷᠣᠨ ᠤ ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ ᠶᠢᠨ ᠪᠣᠯᠪᠠᠰᠤᠷᠠᠯ ᠤᠨ ᠠᠩᠭᠢ︾ ᠶᠢ ᠬᠥᠬᠡᠬᠤᠲᠠ ᠳᠤ ᠡᠷᠬᠢᠯᠡᠪᠡ᠃ ᠪᠣᠯᠪᠠᠰᠤᠷᠠᠯ ᠤᠨ ᠰᠢᠨ᠎ᠡ ᠶᠢ ᠡᠭᠦᠳᠬᠦ ᠳᠤ ᠰᠦᠯᠵᠢᠶᠡᠨ ᠳᠡᠭᠡᠷᠡᠬᠢ᠂ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠬᠤᠰᠢᠭᠤ ᠰᠢᠶᠠᠨ ᠤ ᠲᠠᠷᠢᠶᠠᠯᠠᠩ ᠤᠨ ᠠᠵᠢᠯᠲᠠᠨ ᠰᠦᠯᠵᠢᠶᠡᠨ ᠳᠡᠭᠡᠷ᠎ᠡ ᠬᠤᠷᠠᠯ ᠳᠤ ᠣᠷᠣᠯᠴᠠᠨ ᠪᠣᠯᠪᠠᠰᠤᠷᠠᠯ ᠳᠤ ᠣᠷᠣᠯᠴᠠᠵᠤ᠂ ᠪᠣᠯᠪᠠᠰᠤᠷᠠᠯ ᠨᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠲᠠᠷᠢᠶᠠᠯᠠᠩ ᠤᠨ ᠪᠠᠶᠢᠳᠠᠯ ᠤᠨ ᠠᠵᠢᠯᠲᠠᠨ ᠪᠠᠷᠤᠭ 120 ᠭᠠᠷᠤᠢ ᠬᠥᠮᠥᠨ ᠢ ᠬᠠᠮᠤᠷᠪᠠ᠃
1.png
      ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠵᠤᠷᠭᠠᠨ ᠤ ᠲᠠᠷᠢᠶᠠᠯᠠᠩ ᠤᠨ ᠪᠠᠶᠢᠳᠠᠯ ᠤᠨ ᠭᠠᠵᠠᠷ ᠤᠨ ᠯᠢᠶᠠᠩ ᠵᠢᠶᠠᠨ ᠠᠴᠠ ︽ᠲᠠᠷᠢᠶᠠᠯᠠᠩ ᠤᠨ ᠪᠠᠶᠢᠳᠠᠯ ᠢ ᠲᠣᠬᠢᠷᠠᠭᠤᠯᠬᠤ ᠭᠦᠢᠴᠡᠳᠬᠡᠯ ᠲᠤᠭ᠎ᠠ ᠵᠢᠴᠢ ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ ᠶᠢᠨ ᠠᠵᠢᠯ ᠤᠨ ᠠᠩᠬᠠᠷᠬᠤ ᠵᠦᠢᠯ︾ ᠳᠤ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠪᠠᠶᠢᠴᠠᠭᠠᠯᠲᠠ ᠶᠢᠨ ᠶᠡᠷᠦᠩᠬᠡᠢ ᠠᠩᠭᠢ ᠶᠢᠨ ᠲᠠᠷᠢᠶᠠᠯᠠᠩ ᠤᠨ ᠪᠠᠶᠢᠴᠠᠭᠠᠯᠲᠠ ᠶᠢᠨ ᠭᠠᠵᠠᠷ ᠶᠠᠨ ᠬᠠᠨ ᠠᠴᠠ ︽ᠠᠮᠤ ᠪᠤᠳᠠᠭᠠᠨ ᠤ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠨᠢ ᠲᠠᠷᠢᠶᠠᠯᠠᠩ ᠤᠨ ᠬᠥᠭᠵᠢᠯᠲᠡ ᠳᠤ ᠬᠦᠴᠦᠨᠨᠡᠮᠡᠷᠢᠯᠡᠬᠦ︾ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠲᠤᠭ᠎ᠠ ᠪᠦᠷᠢᠳᠬᠡᠯ ᠤᠨ ᠭᠠᠵᠠᠷ ᠤᠨ ᠹᠠᠨ ᠯᠢ ᠯᠧᠢ ᠠᠴᠠ ︽ᠠᠵᠤ ᠠᠬᠤᠢ ᠶᠢᠨ ᠲᠠᠷᠢᠮᠠᠯ ᠤᠨ ᠲᠤᠭ᠎ᠠ ᠪᠦᠷᠢᠳᠬᠡᠯ ᠤᠨ ᠠᠵᠢᠯ︾ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠬᠢᠭᠡᠳ ᠲᠠᠷᠢᠶᠠᠯᠠᠩ ᠤᠨ ᠴᠠᠭ ᠠᠭᠤᠷ ᠤᠨ ᠲᠥᠪ ᠤᠨ ᠯᠢ ᠹᠠᠩ ᠢᠦᠢ ᠠᠴᠠ ︽ᠥᠪᠥᠷ ᠮᠣᠩᠭᠤᠯ ᠤᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠴᠠᠭ ᠠᠭᠤᠷ ᠤᠨ ᠪᠠᠲᠤᠯᠠᠭ᠎ᠠ ᠶᠢᠨᠦᠢᠯᠡᠴᠢᠯᠡᠭᠡ︾ ᠳᠤ ᠲᠠᠶᠢᠯᠤᠮᠵᠢ ᠬᠢᠵᠡᠢ᠃
2.png
      ᠡᠯ᠎ᠡ ᠠᠶᠢᠮᠠᠭ ᠬᠤᠳᠠ ᠶᠢᠨ ᠲᠠᠷᠢᠮᠠᠯ ᠤᠨ ᠦᠢᠯᠡᠰ ᠤᠨ ᠰᠠᠯᠠᠭᠠᠨ ᠤ ᠬᠠᠷᠢᠭᠤᠴᠠᠯᠭᠠᠲᠠᠳ 2024 ᠣᠨ ᠤ ᠪᠦᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠤᠨ ᠬᠢᠯᠠᠰ ᠴᠡᠭ᠂ ᠣᠷᠣᠰᠢᠵᠤ ᠪᠠᠶᠢᠭ᠎ᠠ ᠠᠰᠠᠭᠤᠳᠠᠯ ᠵᠢᠴᠢ 2025 ᠣᠨ ᠤ ᠭᠤᠣᠯᠳᠠᠯᠭ᠎ᠠ ᠲᠠᠢ ᠠᠵᠢᠯ ᠢ ᠲᠥᠯᠥᠪᠵᠢᠭᠦᠯᠬᠦ ᠵᠡᠷᠭᠡ ᠲᠠᠯ᠎ᠠ ᠪᠠᠷ ᠶᠠᠷᠢᠯᠴᠠᠨ ᠰᠣᠯᠢᠯᠴᠠᠪᠠ᠃ ᠲᠠᠷᠢᠮᠠᠯ ᠤᠨ ᠦᠢᠯᠡᠰ ᠤᠨ ᠭᠠᠵᠠᠷ ᠤᠨ ᠪᠥᠬᠦ ᠠᠵᠢᠯᠲᠠᠳ ᠠᠮᠤ ᠲᠣᠰᠣᠨ ᠤ ᠦᠢᠯᠡᠳᠪᠦᠷᠢᠯᠡᠯ ᠤᠨ ᠡᠭᠦᠷᠭᠡ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠯᠲᠠ᠂ ᠤᠯᠤᠰ ᠤᠨ ᠡᠷᠳᠡᠨᠢ ᠰᠢᠰᠢ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ᠂ ᠪᠣᠬᠢᠷᠲᠤᠯ ᠦᠭᠡᠢ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠪᠠᠶᠢᠬᠤ ᠪᠠ ᠠᠮᠤ ᠲᠣᠰᠣᠨ ᠤ ᠬᠡᠪᠴᠢᠶᠡᠵᠢᠯ ᠤᠨ ᠭᠤᠣᠯ ᠴᠣᠭᠴᠠ ᠵᠡᠷᠭᠡ 10 ᠲᠠᠷᠢᠮᠠᠯ ᠤᠨ ᠦᠢᠯᠡᠰ ᠤᠨ ᠭᠤᠣᠯᠳᠠᠯᠭ᠎ᠠ ᠲᠠᠢ ᠲᠥᠷᠥᠯ ᠵᠦᠢᠯ ᠵᠡᠷᠭᠡ ᠠᠵᠢᠯ ᠤᠨ ᠲᠠᠯ᠎ᠠ ᠪᠠᠷ ᠲᠣᠰ ᠲᠣᠰ ᠨᠠᠷᠢᠨ ᠨᠢᠮᠪᠠᠢ ᠰᠣᠯᠢᠯᠴᠠᠭ᠎ᠠ ᠥᠷᠨᠢᠭᠦᠯᠵᠦ᠂ ᠪᠣᠳᠠᠲᠠᠢ ᠱᠠᠭᠠᠷᠳᠠᠯᠭ᠎ᠠ ᠳᠤᠷᠠᠳᠪᠠ᠃ 6 ᠤ ᠦᠳᠡ ᠶᠢᠨ ᠡᠮᠦᠨ᠎ᠡ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤᠬᠠᠢ ᠶᠢᠨ ᠲᠠᠯᠠᠪᠠᠢ ᠳᠤ ᠬᠥᠬᠡᠬᠤᠲᠠ ᠶᠢᠨ ᠵᠢᠶᠠ ᠱᠢ ᠣᠶᠣᠨᠲᠤ ᠲᠣᠭᠠᠴᠢᠯᠠᠭᠰᠠᠨ ᠲᠠᠷᠢᠶᠠᠯᠠᠩ ᠤᠨ ᠲᠠᠯᠠᠪᠠᠢ᠂ ᠯᠢᠦᠢ ᠯᠢᠶᠠᠨ ᠬᠤᠷᠰᠢᠶ᠎ᠠ᠂ ᠳ᠋ᠥ᠋ ᠱᠢ ᠰᠢᠶᠠᠨ ᠳ᠋ᠠᠢ ᠲᠠᠷᠢᠶᠠᠯᠠᠩ ᠤᠨ ᠬᠦᠷᠢᠶᠡᠯᠡᠩ ᠢ ᠲᠣᠭᠤᠷᠢᠨ ᠦᠵᠡᠵᠦ ᠰᠤᠷᠤᠯᠴᠠᠪᠠ᠃
3.png
      ᠬᠤᠷᠠᠯ ᠠᠴᠠ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ 2024 ᠣᠨ ᠤ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠰᠡᠬᠦᠯ ᠬᠤᠷᠢᠶᠠᠬᠤ ᠠᠵᠢᠯ ᠢ ᠦᠨᠡᠨᠬᠦ ᠰᠠᠶᠢᠲᠤᠷ ᠬᠢᠵᠦ᠂ ᠪᠡᠯᠡ ᠮᠥᠩᠭᠦ ᠥᠭᠬᠦ ᠠᠬᠢᠴᠠ ᠶᠢ ᠴᠢᠨᠠᠭᠰᠢᠳᠠ ᠲᠦᠷᠭᠡᠳᠬᠡᠵᠦ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠤᠢ ᠪᠣᠯᠭᠠᠵᠤ᠂ ᠲᠠᠷᠢᠶᠠᠨ ᠡᠮ ᠤᠨ ᠦᠢᠯᠡᠳᠪᠦᠷᠢᠯᠡᠯ᠂ ᠡᠵᠡᠩᠨᠡᠯᠲᠡ᠂ ᠬᠡᠷᠡᠭᠯᠡᠯᠲᠡ ᠶᠢᠨ ᠭᠤᠭᠴᠤᠭ᠎ᠠ ᠳᠠᠬᠢ ᠬᠢᠨᠠᠯᠲᠠ ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ︔ 2025 ᠣᠨ ᠤ ᠠᠵᠢᠯ ᠢ ᠤᠷᠢᠳᠴᠢᠯᠠᠨ ᠰᠠᠶᠢᠲᠤᠷ ᠲᠥᠯᠥᠪᠵᠢᠭᠦᠯᠵᠦ᠂ ᠭᠤᠣᠯᠳᠠᠯᠭ᠎ᠠ ᠲᠠᠢ ᠪᠠᠷ ︽ᠲᠠᠯᠠᠪᠠᠢ ᠶᠢ ᠲᠣᠭᠲᠠᠪᠤᠷᠢᠵᠢᠭᠤᠯᠵᠤ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ︾᠂ ︽ᠠᠷᠪᠠᠨ ᠶᠡᠭᠡ ᠲᠦᠷᠦᠯ ᠵᠦᠢᠯ︾ ᠢ ᠬᠡᠷᠡᠭᠵᠢᠭᠦᠯᠵᠦ᠂ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠬᠦᠷᠢᠶ᠎ᠡ ᠶᠢᠨ ᠪᠣᠳᠠᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ 1000 ᠲᠦᠮᠡᠨ ᠮᠦ ᠶᠢᠨ ᠵᠢᠱᠢᠶ᠎ᠡ ᠦᠵᠡᠭᠦᠯᠬᠦ ᠣᠷᠣᠨ ᠪᠣᠯᠣᠨ 1000 ᠲᠦᠮᠡᠨ ᠮᠦ ᠶᠢᠨ ᠲᠣᠨ ᠠᠮᠤ ᠶᠢᠨ ᠲᠠᠷᠢᠶᠠᠨ ᠤ ︽ᠬᠤᠶᠠᠷ ᠮᠢᠩᠭ᠎ᠠ︾  ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠡᠩ ᠤᠯᠠᠨ ᠥᠪᠥᠷ ᠮᠣᠩᠭᠤᠯ ᠤᠨ ᠬᠦᠴᠦᠨ ᠴᠢᠳᠠᠯ ᠢ ᠨᠡᠮᠡᠷᠢᠯᠡᠬᠦ ᠬᠡᠷᠡᠭᠲᠡᠢ︔ ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ ᠶᠢᠨ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠣᠨᠣᠪᠴᠢᠲᠠᠶ ᠪᠠᠶᠢᠯᠭᠠᠬᠤ ᠶᠢ ᠪᠠᠲᠤᠯᠠᠨ᠂ ᠪᠥᠬᠦ ᠣᠷᠣᠨ ᠤ ᠲᠠᠷᠢᠶᠠᠯᠠᠩ ᠤᠨ ᠦᠢᠯᠡᠳᠪᠦᠷᠢᠯᠡᠯ ᠢ ᠰᠤᠳᠤᠯᠤᠨ ᠮᠠᠭᠠᠳᠯᠠᠬᠤ ᠪᠠ ᠲᠥᠷᠥ ᠶᠢᠨ ᠪᠣᠳᠣᠯᠭ᠎ᠠ ᠲᠣᠭᠲᠠᠭᠠᠬᠤ ᠳᠤ ᠴᠢᠬᠤᠯᠠ ᠦᠨᠳᠦᠰᠦᠯᠡᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃
4.png
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤᠣᠷᠣᠨ ᠤ ᠲᠢᠩᠬᠢᠮ ᠤᠨ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠭᠠᠵᠠᠷ ᠤᠨ ᠪᠥᠬᠦ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠠᠮᠤ ᠪᠤᠳᠠᠭ᠎ᠠ ᠲᠣᠰᠣᠨ ᠤ ᠭᠠᠵᠠᠷ ᠤᠨ ᠭᠤᠣᠯ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠨ︔ ᠪᠥᠬᠦ ᠣᠷᠣᠨ ᠤ 12 ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠲᠠᠷᠢᠮᠠᠯ ᠤᠨ ᠦᠢᠯᠡᠰ ᠤᠨ ᠬᠠᠮᠢᠶᠠᠷᠤᠯᠲᠠ ᠶᠢᠨ ᠰᠠᠯᠠᠭᠠᠨ ᠤ ᠬᠠᠷᠢᠭᠤᠴᠠᠯᠭᠠᠲᠠᠨ᠂ ᠲᠠᠷᠢᠶᠠᠯᠠᠩ ᠤᠨ ᠠᠵᠢᠯᠲᠠᠨ ᠵᠡᠷᠭᠡ 40 ᠭᠠᠷᠤᠢ ᠬᠥᠮᠥᠨ ᠲᠤᠬᠠᠢ ᠶᠢᠨ ᠲᠠᠯᠠᠪᠤᠷ ᠲᠤ ᠬᠤᠷᠠᠯ ᠳᠤ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号