ᠥᠪᠥᠷ ᠮᠣᠩᠭᠤᠯ ᠤᠨ ᠨᠠᠢᠮᠠᠳᠤᠭᠠᠷ ᠬᠤᠭᠤᠴᠠᠭᠠᠨ ᠤ ᠮᠠᠯᠵᠢᠬᠤ ᠲᠠᠷᠢᠶᠠᠯᠠᠬᠤ ᠣᠷᠣᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/12/9
      12 ᠰᠠᠷ᠎ᠠ ᠶᠢᠨ 8 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ ᠬᠤᠭᠤᠴᠠᠭᠠᠨ ᠤ ᠮᠠᠯᠵᠢᠬᠤ ᠲᠠᠷᠢᠶᠠᠯᠠᠬᠤ ᠣᠷᠣᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠤᠷᠤᠯᠳᠤᠭᠠᠨ ᠢ ᠬᠥᠬᠡᠬᠤᠲᠠ ᠳᠤ ᠠᠮᠵᠢᠯᠲᠠ  ᠲᠠᠢ ᠶᠠᠪᠤᠭᠳᠠᠪᠠ᠃ ᠲᠣᠰ ᠤᠳᠠᠭ᠎ᠠ ᠶᠢᠨ ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠠᠴᠠ ᠳᠠᠭᠠᠭᠠᠴᠢᠯᠠᠨ ᠡᠷᠭᠢᠯᠡᠵᠦ᠂ ︽ᠣᠷᠭᠢᠯᠤᠮ᠎ᠠ ᠰᠡᠳᠬᠢᠯᠭᠡ ᠪᠠᠷ ᠦᠢᠯᠡᠰ ᠴᠣᠭᠴᠠᠯᠠᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠤᠭ᠎ᠠ ᠲᠥᠰᠥᠪ ᠢ ᠳᠡᠯᠭᠡᠨ ᠦᠵᠡᠭᠦᠯᠦᠶ᠎ᠡ︾ ᠭᠡᠬᠦ  ᠪᠠᠷ ᠭᠤᠣᠯ ᠰᠡᠳᠦᠪ ᠪᠣᠯᠭᠠᠨ᠂ ᠬᠥᠳᠡᠭᠡ ᠲᠣᠰᠬᠤᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠣᠯᠠᠨ ᠡᠰᠢᠲᠦ ᠥᠷᠲᠡᠭ ᠢ ᠠᠭᠤᠳᠠᠯᠤᠨ᠂ ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠨᠢᠭᠡ ᠪᠦᠯᠦᠭ ᠰᠢᠯᠢᠳᠡᠭ ᠦᠢᠯᠡᠰ ᠴᠣᠭᠴᠠᠯᠠᠬᠤ ᠲᠥᠷᠥᠯ ᠵᠦᠢᠯ ᠪᠠ ᠴᠢᠳᠠᠪᠤᠷᠢᠲᠠᠨ ᠢ ᠰᠢᠯᠭᠠᠷᠠᠭᠤᠯᠤᠨ᠎ᠠ᠃ 
1.png
       ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠠᠩ ᠢᠦᠢ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤ᠋ ᠶᠢᠤ ᠯᠢᠨ ᠠᠵᠢᠯᠯᠠᠭ᠎ᠠ ᠳᠤ ᠣᠷᠣᠯᠴᠠᠵᠠᠢ᠃ ᠲᠢᠩᠬᠢᠮ ᠤᠨ ᠳᠡᠳ᠋ ᠳᠠᠷᠤᠭ᠎ᠠ ᠵᠠᠩ ᠢᠦᠢ ᠡᠬᠢᠯᠡᠯᠲᠡ ᠶᠢᠨ ᠪᠠᠶᠠᠷ ᠤᠨ ᠦᠭᠡ ᠬᠡᠯᠡᠬᠦ ᠳᠡᠭᠡᠨ᠂ ᠤᠷᠤᠯᠳᠤᠭᠠᠨ ᠳᠤ ᠣᠷᠣᠯᠴᠠᠭᠰᠠᠳ᠂ ᠡᠯ᠎ᠡ ᠠᠶᠢᠮᠠᠭ ᠬᠤᠳᠠ ᠶᠢᠨ ᠤᠳᠤᠷᠢᠳᠤᠯᠭ᠎ᠠ ᠵᠢᠴᠢ ᠭᠤᠣᠯᠯᠠᠨ ᠡᠷᠬᠢᠯᠡᠭᠰᠡᠡ ᠲᠠᠯ᠎ᠠ ᠶᠢᠨ ᠬᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠦᠬᠦ ᠲᠠᠯ᠎ᠠ ᠪᠠᠷ ᠣᠶᠢᠯᠠᠭᠠᠵᠤ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠤᠷᠠᠭᠤᠯᠬᠤ ᠶᠢ ᠠᠬᠢᠭᠤᠯᠵᠤ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠵᠤ᠂ ᠣᠶᠤᠨᠴᠢᠯᠠᠭᠰᠠᠨ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠴᠢᠳᠠᠪᠬᠢ ᠣᠯᠭᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃  
2.png 
3.png 
       ᠲᠤᠰ ᠤᠳᠠᠭ᠎ᠠ ᠶᠢᠨ ᠤᠷᠤᠯᠳᠤᠭᠠᠨ ᠢ ᠠᠶᠢᠮᠠᠭ ᠬᠤᠲᠠ ᠪᠠ ᠥᠪᠡᠷᠲᠡᠭᠡᠨ ᠵᠠᠰᠠᠬᠤ ᠣᠷᠣᠨ ᠤ ᠰᠢᠯᠭᠠᠷᠠᠭᠤᠯᠤᠯᠲᠠ ᠪᠠᠷ ᠳᠡᠮᠵᠢᠨ᠂ ᠬᠠᠮᠤᠭ ᠡᠴᠦᠰ ᠲᠤ ᠠᠩᠬ᠎ᠠ ᠡᠭᠦᠳᠦᠯᠲᠡ ᠶᠢᠨ ᠳᠤᠭᠤᠶᠢᠯᠠᠩ ᠪᠠ ᠪᠤᠶᠢᠵᠢᠯᠲᠠ ᠶᠢᠨ ᠳᠤᠭᠤᠶᠢᠯᠠᠩ ᠤᠨ ᠨᠡᠶᠢᠲᠡ 26 ᠲᠦᠷᠦᠯ ᠵᠦᠢᠯ ᠳᠤ ᠬᠤᠪᠢᠶᠠᠭᠳᠠᠨ ᠤᠷᠤᠯᠳᠤᠭᠠᠨ ᠳᠤ ᠣᠷᠣᠯᠴᠠᠭᠰᠠᠨ ᠪᠥᠭᠡᠳ ᠰᠢᠷᠦᠭᠦᠨ ᠥᠷᠢᠰᠦᠯᠳᠦᠭᠡᠨ ᠶᠠᠪᠤᠭᠤᠯᠪᠠ᠃ 5 ᠮᠢᠨᠦ᠋ᠲ ᠤᠨ ᠵᠠᠮ ᠤᠨ ᠲᠣᠭᠯᠠᠯᠲᠠ ᠪᠣᠯᠣᠨ 3 ᠮᠢᠨᠦ᠋ᠲ ᠤᠨ ᠮᠠᠷᠭᠤᠯᠳᠤᠭᠠᠨ ᠤ ᠶᠠᠪᠤᠴᠠ ᠪᠠᠷ ᠳᠡᠮᠵᠢᠨ᠂ ᠤᠯᠠᠭᠠᠨᠬᠠᠳᠠ ᠬᠤᠳᠠ ᠶᠢᠨ ᠣᠷᠣᠯᠴᠠᠭᠴᠢ ᠯᠢ ᠫᠢᠩ ᠤᠨ ᠤᠷᠤᠯᠳᠤᠭᠠᠨ ᠳᠤ ᠣᠷᠣᠯᠴᠠᠭᠰᠠᠨ ᠲᠦᠷᠦᠯ ᠵᠦᠢᠯ ︽ᠪᠧᠨ ᠽᠤᠤ ᠴᠧᠩ ᠶᠤᠸᠠᠨ︱ᠬᠢᠲᠠᠳ ᠡᠮ ᠤᠨ ᠦᠷ᠎ᠡ ᠶᠢᠨ ᠴᠢᠬᠢ ᠶᠢ ᠦᠷᠡᠵᠢᠭᠦᠯᠦᠨ ᠪᠣᠶᠢᠵᠢᠭᠤᠯᠬᠤ ᠪᠠ ᠳᠡᠯᠭᠡᠷᠡᠭᠦᠯᠬᠦ︾᠂ ᠲᠦᠩᠯᠢᠶᠣᠣ ᠬᠤᠳᠠ ᠶᠢᠨ ᠶᠢᠨ ᠰᠢᠸ ᠮᠢᠨ ᠤ ︽ᠺᠠᠩ ᠶᠤᠸᠠᠨ ᠮᠠᠢ ᠽᠠᠢ ᠬᠠᠮᠲᠤᠪᠠᠷ ᠡᠭᠦᠳᠬᠦ ᠬᠦᠷᠢᠶᠡᠯᠡᠩ ᠤᠨ ᠲᠦᠷᠦᠯ ᠵᠦᠢᠯ︾ ᠪᠣᠯᠣᠨ ᠣᠷᠳᠣᠰ ᠬᠤᠳᠠ ᠶᠢᠨ ᠭᠠᠨ ᠰᠢᠨ ᠵᠦᠩ ᠤᠨ ︽ᠰᠠᠷᠭᠠᠢ ᠴᠡᠴᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠴᠣᠭᠴᠠᠯᠠᠭᠴᠢ︾  ᠨᠢ ᠳᠤᠰ ᠳᠤᠰ ᠠᠩᠬ᠎ᠠ ᠡᠭᠦᠳᠦᠯᠲᠡ ᠶᠢᠨ ᠳᠤᠭᠤᠶᠢᠯᠠᠩ ᠤᠨ ᠨᠢᠭᠡ ᠬᠤᠶᠠᠷ ᠭᠤᠷᠪᠠᠳᠤᠭᠠᠷ ᠳᠡᠰ ᠤᠨ ᠱᠠᠩᠨᠠᠯ ᠢ ᠬᠦᠷᠲᠡᠵᠡᠢ᠃ ᠪᠤᠭᠤᠲᠤ ᠬᠤᠲᠠ ᠶᠢᠨ ᠣᠷᠣᠯᠴᠠᠭᠴᠢ ᠸᠠᠩ ᠶᠦᠩ ᠤᠨ ︽ᠮᠣᠩᠭᠤᠯ ᠮᠣᠷᠢ ᠶᠢᠨ ᠠᠮᠢᠳᠤ ᠪᠣᠳᠠᠰ ᠤᠨ ᠲᠦᠭᠦᠬᠡᠢ ᠮᠠᠲ᠋ᠧᠷᠢᠶᠠᠯ ᠤᠨ ᠠᠵᠤ ᠦᠢᠯᠡᠰᠵᠢᠯᠲᠡ ᠶᠢ ᠨᠡᠭᠡᠭᠡᠨ ᠬᠥᠭᠵᠢᠭᠦᠯᠬᠦ︾᠂ ᠲᠦᠩᠯᠢᠶᠣᠣ ᠬᠤᠲᠠ ᠶᠢᠨ ᠲᠢᠶᠠᠨ ᠸᠧᠨ ᠷᠦᠩ ᠤᠨ ︽ᠦᠬᠡᠷ ᠤᠨ ᠮᠢᠬ᠎ᠠ ᠪᠣᠯᠪᠠᠰᠤᠷᠠᠭᠤᠯᠬᠤ ᠰᠢᠨ᠎ᠡ ᠬᠡᠪ ᠰᠤᠷᠲᠠᠯ︱ᠲᠦᠩᠯᠢᠶᠣᠣ ᠶᠢᠨ ᠨᠤᠲᠤᠭ ᠤᠨ ᠨᠠᠷᠠᠲᠤ ᠲᠡᠮᠳᠡᠭᠲᠦ ᠶᠢ ᠪᠣᠶ ᠪᠣᠯᠭᠠᠬᠤ︾ ᠪᠠ ᠰᠢᠯᠢ ᠶᠢᠨ ᠭᠤᠣᠯ ᠠᠶᠢᠮᠠᠭ ᠤᠨ ᠵᠠᠨ ᠰᠢᠶᠣᠣ ᠺᠠᠢ ᠶᠢᠨ ︽ᠤᠯᠠᠭᠠᠨ ᠬᠤᠲᠠᠯᠠ·ᠨᠤᠲᠤᠭ ᠲᠠᠭᠠᠨ ᠪᠤᠴᠠᠵᠤ ᠦᠢᠯᠡᠰ ᠴᠤᠭᠴᠠᠯᠠᠭᠰᠠᠨ ︿ᠬᠤᠸᠠ ᠰᠢ ᠦᠬᠡᠷ ᠤᠨ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ﹀︾ ᠨᠢ ᠲᠣᠰ ᠲᠣᠰ ᠪᠤᠶᠢᠵᠢᠯᠲᠠ ᠶᠢᠨ ᠳᠤᠭᠤᠶᠢᠯᠠᠩ ᠤᠨ ᠨᠢᠭᠡ ᠬᠤᠶᠠᠷ ᠭᠤᠷᠪᠠᠳᠤᠭᠠᠷ ᠳᠡᠰ ᠤᠨ ᠱᠠᠩᠨᠠᠯ᠂ ᠰᠢᠯᠢᠳᠡᠭ ᠱᠠᠩᠨᠠᠯ ᠤᠨ ᠬᠡᠳᠦᠨ ᠨᠡᠷᠡᠰ ᠢ ᠭᠥᠷᠳᠡᠪᠡ᠃ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠ ᠠᠯᠠᠱᠠ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ  ᠨᠢ ᠤᠷᠤᠯᠳᠤᠭᠠᠨ ᠤ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠭᠥᠷᠳᠡᠪᠡ᠃ 
4.png
 
5.png
      ᠲᠤᠰ ᠤᠳᠠᠭ᠎ᠠ ᠶᠢᠨ ᠤᠷᠤᠯᠳᠤᠭᠠᠨ ᠳᠤ ᠣᠷᠣᠯᠴᠠᠭᠰᠠᠳ ᠤᠨ ᠲᠦᠷᠦᠯ ᠵᠦᠢᠯ ᠤᠯᠠᠨ ᠶᠠᠩᠵᠤ ᠶᠢᠨ ᠪᠠᠶᠢᠵᠤ᠂ ᠡᠵᠡᠩᠨᠡᠨ ᠬᠠᠮᠢᠶᠠᠷᠬᠤ ᠳᠠᠭᠠᠨ ᠴᠢᠳᠠᠮᠠᠭᠠᠢ ᠲᠠᠷᠢᠶᠠᠯᠠᠩ ᠤᠨ ᠡᠵᠡᠩᠨᠡᠨ ᠬᠠᠮᠢᠶᠠᠷᠤᠭᠴᠢ ᠲᠠᠢ᠂ ᠰᠠᠶ᠋ᠢᠬᠠᠨ ᠲᠡᠭᠦᠰᠦᠭᠰᠡᠨ ᠳᠤᠮᠳᠠ ᠵᠡᠷᠭᠡ ᠶᠢᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠲᠠᠢ᠂ ᠪᠠᠰᠠ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠳᠠᠬᠢ ᠬᠥᠳᠡᠭᠡ ᠲᠣᠰᠬᠤᠨ ᠤ ᠴᠢᠳᠠᠪᠤᠷᠢᠲᠠᠨ ᠵᠡᠷᠭᠡ ᠪᠠᠶᠢᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠴᠢᠳᠠᠪᠤᠷᠢᠲᠠᠨ ᠤ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠤᠷᠤᠯᠳᠤᠭᠠᠨ ᠳᠤ ᠣᠷᠣᠯᠴᠠᠭᠰᠠᠨ ᠲᠦᠷᠦᠯ ᠵᠦᠢᠯ ᠨᠢ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ᠂ ᠬᠥᠳᠡᠭᠡ ᠲᠣᠰᠬᠤᠨ ᠤ ᠰᠡᠯᠡᠭᠦᠴᠡᠯ ᠰᠣᠶᠣᠯ ᠵᠤᠭᠠᠴᠠᠯ᠂ ᠨᠤᠲᠤᠭ ᠤᠨ ᠣᠨᠴᠠᠯᠢᠭᠲᠤ ᠠᠵᠤ ᠦᠢᠯᠡᠰ ᠵᠡᠷᠭᠡ ᠬᠡᠯᠪᠡᠷᠢ ᠶᠢᠨ ᠲᠦᠷᠦᠯ ᠵᠦᠢᠯ ᠢ ᠬᠠᠮᠤᠷᠴᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠤᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠠᠭᠤᠰᠤᠯᠴᠠᠯ ᠢ ᠭᠦᠢᠴᠡᠳ ᠬᠠᠷᠠᠭᠤᠯᠵᠠᠢ᠃ 
6.png 
 
7.png
  
8.png
9.png
      ᠤᠷᠤᠯᠳᠤᠭᠠᠨ ᠨᠢ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠦᠷᠦᠯ ᠵᠦᠢᠯ ᠤᠨ ᠰᠢᠨ᠎ᠡ ᠶᠢ ᠡᠭᠦᠳᠬᠦ ᠴᠢᠨᠠᠷ᠂ ᠪᠤᠶᠢᠵᠢᠯᠲᠠ ᠶᠢᠨ ᠴᠢᠨᠠᠷ᠂ ᠥᠷᠢᠰᠦᠯᠳᠦᠬᠦ ᠬᠦᠴᠦᠨ᠂ ᠦᠷᠭᠦᠯᠵᠢᠯᠡᠬᠦᠶᠢᠴᠡ ᠬᠥᠭᠵᠢᠯᠲᠡ ᠪᠣᠯᠣᠨ ᠲᠠᠷᠢᠶᠠᠯᠠᠩ ᠲᠠᠢ ᠬᠤᠯᠪᠣᠭᠠᠯᠠᠵᠤ ᠳᠠᠶᠢᠴᠢᠯᠠᠬᠤ ᠵᠡᠷᠭᠡ ᠠᠷᠪᠠᠨ ᠲᠠᠯ᠎ᠠ ᠪᠠᠷ ᠰᠢᠨᠵᠢᠯᠡᠨ ᠪᠠᠶᠢᠴᠠᠭᠠᠵᠠᠢ᠃ ᠲᠤᠰ ᠤᠳᠠᠭ᠎ᠠ ᠶᠢᠨ ᠤᠷᠤᠯᠳᠤᠭᠠᠨ ᠢᠶᠠᠷ ᠳᠠᠮᠵᠢᠨ᠂ ᠡᠯ᠎ᠡ ᠲᠦᠷᠦᠯ ᠤᠨ ᠬᠥᠳᠡᠭᠡ ᠲᠣᠰᠬᠤᠨ ᠤ ᠠᠳᠠᠯ ᠦᠢᠯᠡᠰ ᠴᠣᠭᠴᠠᠯᠠᠬᠤ ᠭᠤᠣᠯ ᠴᠣᠭᠴᠠ ᠳᠤ ᠰᠢᠯᠢᠳᠡᠭ ᠲᠦᠷᠦᠯ ᠵᠦᠢᠯ ᠢ ᠳᠡᠯᠭᠡᠨ ᠦᠵᠡᠭᠦᠯᠬᠦ ᠲᠠᠪᠴᠠᠩ ᠢ ᠪᠠᠶᠢᠭᠤᠯᠵᠤ᠂ ᠰᠢᠨ᠎ᠡ ᠶᠢ ᠡᠭᠦᠳᠬᠦ ᠰᠡᠳᠬᠢᠬᠦᠢ ᠪᠠ ᠦᠢᠯᠡᠳᠦᠯᠭᠡ ᠶᠢᠨ ᠴᠢᠳᠠᠪᠤᠷᠢ ᠲᠠᠢ ᠰᠢᠨ᠎ᠡ ᠮᠠᠶ᠋ᠢᠭ ᠤᠨ ᠲᠠᠷᠢᠶᠠᠴᠢᠨ ᠢ ᠢᠯᠡᠷᠡᠭᠦᠯᠵᠦ᠂ ᠰᠢᠨ᠎ᠡ ᠮᠡᠷᠭᠡᠵᠢᠯ ᠢ ᠳᠡᠯᠭᠡᠨ ᠦᠵᠡᠭᠦᠯᠬᠦ᠂ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠬᠦ ᠰᠢᠯᠢᠳᠡᠭ ᠲᠦᠷᠦᠯ ᠵᠦᠢᠯ ᠢ ᠪᠣᠶᠢᠵᠢᠭᠤᠯᠵᠤ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠥᠪᠥᠷ ᠮᠣᠩᠭᠤᠯ ᠤᠨ ᠬᠥᠳᠡᠭᠡ ᠲᠣᠰᠬᠤᠨ ᠤ ᠬᠠᠯᠠᠭᠤᠨ ᠬᠥᠷᠥᠰᠥᠨ ᠳᠤ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠵᠦ᠂ ᠥᠨᠳᠥᠷ ᠤᠷᠬᠢᠯ ᠳᠤ ᠵᠣᠷᠢᠭᠲᠠᠢ ᠪᠠᠷ ᠠᠪᠠᠷᠢᠬᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ᠢᠳᠡᠪᠬᠢ ᠠᠭᠤᠷ ᠠᠮᠢᠰᠬᠤᠯ ᠢᠶᠠᠷ ᠪᠢᠯᠬᠠᠭᠤᠯᠪᠠ᠃ 
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号