︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠤ    ᠲᠡᠦᠬᠡ︾ ᠶᠢ ᠨᠠᠶᠢᠷᠠᠭᠤᠯᠤᠨ ᠪᠢᠴᠢᠬᠦ ᠠᠵᠢᠯ ᠤᠨ ᠳ᠋ᠦᠩᠨᠡᠯᠲᠡ ᠶᠢᠨ ᠬᠤᠷᠠᠯ ᠲᠡᠭᠦᠰ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2024/12/9
      2024 ᠣᠨ ᠤ 12 ᠰᠠᠷ᠎ᠠ ᠶᠢᠨ 6 ᠤ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠤ ᠲᠡᠦᠬᠡ︾ ︵1986︱2022 ᠣᠨ︶ ᠶᠢ ᠨᠠᠶᠢᠷᠠᠭᠤᠯᠤᠨ ᠪᠢᠴᠢᠬᠦ ᠠᠵᠢᠯ ᠤᠨ ᠳ᠋ᠦᠩᠨᠡᠯᠲᠡ ᠶᠢᠨ ᠬᠤᠷᠠᠯ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠬᠢᠵᠠᠭᠠᠷᠯᠠᠬᠤ ᠲᠥᠪ ᠲᠤ ᠬᠤᠷᠠᠯᠳᠤᠪᠠ᠃ ᠨᠠᠶᠢᠷᠠᠭᠤᠯᠤᠨ ᠪᠢᠴᠢᠬᠦ ᠳᠤᠭᠤᠶᠢᠯᠠᠩ ᠤᠨ ᠳᠠᠷᠤᠭ᠎ᠠ ᠰᠤᠳᠤᠯᠤᠭᠴᠢ ᠰᠢᠶᠧ ᠳ᠋ᠠ ᠽᠧᠩ ᠬᠤᠷᠠᠯ ᠢ ᠡᠷᠬᠢᠯᠡᠵᠦ᠂ ᠲᠥᠪ ᠤᠨ ᠡᠷᠬᠢᠯᠡᠭᠴᠢ ᠸᠠᠩ ᠵᠢᠶᠠᠨ ᠯᠦᠩ᠂ ᠳᠡᠳ᠋ ᠡᠷᠬᠢᠯᠡᠭᠴᠢ ᠯᠢᠦ ᠵᠠᠨ ᠰᠢ᠂ ᠨᠠᠶᠢᠷᠠᠭᠤᠯᠤᠨ ᠪᠢᠴᠢᠬᠦ ᠳᠤᠭᠤᠶᠢᠯᠠᠩ ᠤᠨ ᠲᠤᠰᠬᠠᠢ ᠮᠡᠷᠭᠡᠵᠢᠯᠲᠡᠨ ᠵᠢᠴᠢ ᠬᠠᠮᠢᠶ᠎ᠠ ᠪᠦᠬᠦᠢ ᠬᠥᠮᠥᠰ ᠬᠤᠷᠠᠯ ᠳᠤ ᠣᠷᠣᠯᠴᠠᠪᠠ᠃
1.png
      ᠬᠤᠷᠠᠯ ᠳᠡᠭᠡᠷ᠎ᠡ᠂ ᠨᠠᠶᠢᠷᠠᠭᠤᠯᠤᠨ ᠪᠢᠴᠢᠬᠦ ᠳᠤᠭᠤᠶᠢᠯᠠᠩ ᠤᠨ ᠲᠤᠰᠬᠠᠢ ᠮᠡᠷᠭᠡᠵᠢᠯᠲᠡᠨ ᠬᠤᠪᠢ ᠬᠥᠮᠥᠨ ᠤ ᠨᠠᠶᠢᠷᠠᠭᠤᠯᠤᠨ ᠪᠢᠴᠢᠵᠦ ᠳᠠᠭᠤᠰᠬᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠰᠤᠳᠤᠯᠤᠭᠴᠢ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠤ ᠲᠡᠦᠬᠡ︾ ᠶᠢ ᠨᠠᠶᠢᠷᠠᠭᠤᠯᠤᠨ ᠪᠢᠴᠢᠬᠦ ᠭᠤᠷᠪᠠᠨ ᠵᠢᠯ ᠤᠨ ᠠᠵᠢᠯ ᠤᠨ ᠲᠤᠬᠠᠢ ᠳ᠋ᠦᠩᠨᠡᠯᠲᠡ ᠶᠢᠨ ᠬᠠᠷᠢᠭᠤ ᠮᠡᠳᠡᠭᠦᠯᠦᠯᠲᠡ ᠬᠢᠵᠦ᠂ ᠡᠨᠡ ᠵᠢᠯ ᠤᠨ 10 ᠰᠠᠷ᠎ᠠ ᠪᠣᠯᠲᠠᠯ᠎ᠠ᠂ ᠡᠬᠡ ᠨᠣᠣᠷᠠᠭ ᠢ ᠨᠠᠶᠢᠷᠠᠭᠤᠯᠤᠨ ᠪᠢᠴᠢᠬᠦ ᠠᠵᠢᠯ ᠢᠶᠠᠨ ᠨᠢᠭᠡᠨᠲᠡ ᠳᠠᠭᠤᠰᠬᠠᠪᠠ᠃ ᠲᠣᠰ ᠡᠬᠡ ᠨᠣᠣᠷᠠᠭ ᠨᠢ 13 ᠪᠦᠯᠦᠭ᠂ ᠪᠠᠷᠤᠭ 83 ᠲᠦᠮᠡᠨ ᠥᠰᠥᠭ ᠲᠠᠢ᠂ 198 ᠵᠦᠢᠯ ᠤᠨ ᠠᠮᠢᠲᠠᠨ ᠤ ᠬᠢᠵᠢᠭ ᠡᠪᠡᠳᠴᠢᠨ ᠳᠤ ᠬᠤᠯᠪᠣᠭᠳᠠᠵᠤ᠂ ᠭᠤᠷᠪᠠᠨ ᠵᠢᠯ ᠤᠨ ᠨᠠᠶᠢᠷᠠᠭᠤᠯᠤᠨ ᠪᠢᠴᠢᠬᠦ ᠶᠠᠪᠤᠴᠠ ᠳᠤ 1.8 ᠲᠦᠮᠡᠨ ᠳᠡᠪᠲᠡᠷ ᠮᠠᠲ᠋ᠧᠷᠢᠶᠠᠯ ᠢ ᠪᠠᠶᠢᠴᠠᠭᠠᠨ ᠯᠠᠪᠯᠠᠵᠤ᠂ 67 ᠲᠦᠮᠡᠨ ᠵᠤᠷᠪᠤᠰ ᠲᠤᠭ᠎ᠠ ᠪᠠᠷᠢᠮᠲᠠ ᠶᠢ ᠪᠢᠴᠢᠵᠦ ᠣᠷᠣᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠲᠤᠰᠬᠠᠢ ᠮᠡᠷᠭᠡᠵᠢᠯᠲᠡᠳ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ ᠶᠢᠨ ᠲᠠᠯ᠎ᠠ ᠪᠠᠷ ᠤᠳᠤᠷᠢᠳᠬᠤ ᠪᠠᠭ ᠲᠠᠢ ᠰᠠᠨᠠᠯ ᠢᠶᠠᠨ ᠰᠣᠯᠢᠯᠴᠠᠪᠠ᠃      ᠡᠷᠬᠢᠯᠡᠭᠴᠢ ᠸᠠᠩ ᠵᠢᠶᠠᠨ ᠯᠦᠩ ᠡᠩ ᠲᠡᠷᠢᠭᠦᠨ ᠳᠤ ᠲᠤᠰᠬᠠᠢ ᠮᠡᠷᠭᠡᠵᠢᠯᠲᠡᠳ ᠤᠨ ᠬᠠᠷᠠᠮ ᠦᠭᠡᠢ ᠵᠢᠳᠬᠦᠬᠦ ᠰᠡᠳᠬᠢᠯᠭᠡ᠂ ᠰᠢᠷᠭᠠᠭᠤ ᠬᠠᠲᠠᠭᠤᠵᠢᠯᠲᠠᠢ ᠠᠵᠢᠯ ᠳᠤ ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠤ ᠲᠡᠦᠬᠡ︾ ᠶᠢ ᠨᠠᠶᠢᠷᠠᠭᠤᠯᠤᠨ ᠪᠢᠴᠢᠬᠦ ᠠᠵᠢᠯ ᠢ ᠳᠡᠭᠡᠳᠦ ᠬᠡᠮᠵᠢᠶ᠎ᠡ ᠪᠠᠷ ᠨᠤᠲᠠᠯᠠᠪᠠ᠃ ᠲᠣᠰ ︽ᠬᠢᠵᠢᠭ ᠡᠪᠡᠳᠴᠢᠨ ᠤ ᠲᠡᠦᠬᠡ︾ ᠨᠢ 1986 ᠣᠨ  ᠠᠴᠠ 2022 ᠣᠨ ᠪᠣᠯᠲᠠᠯᠠᠬᠢ ᠪᠥᠬᠦ ᠣᠷᠣᠨ ᠤ ᠠᠮᠢᠲᠠᠨ ᠤ ᠬᠢᠵᠢᠭ ᠡᠪᠡᠳᠴᠢᠨ ᠤ ᠡᠭᠦᠰᠬᠦ᠂ ᠳᠡᠯᠭᠡᠷᠡᠬᠦ ᠵᠢᠮ᠎ᠡ ᠶᠣᠰᠣ ᠵᠢᠴᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠳ᠋ᠦᠩᠨᠡᠵᠦ᠂ ᠬᠤᠶᠢᠰᠢᠳᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠴᠢᠬᠤᠯᠠ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ 37 ᠵᠢᠯ ᠤᠨ ᠲᠡᠦᠬᠡ ᠶᠢᠨ ᠬᠤᠭᠤᠰᠤᠨ ᠢ ᠨᠥᠬᠦᠪᠦᠷᠢᠯᠡᠭᠰᠡᠨ ᠪᠠᠶᠢᠨ᠎ᠠ᠃ ᠬᠠᠮᠤᠭ ᠤᠨ ᠰᠡᠭᠦᠯ ᠳᠤ᠂ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠲᠣᠰ ᠤᠳᠠᠭᠠᠨ ᠤ ᠳ᠋ᠦᠩᠨᠡᠯᠲᠡ ᠶᠢᠨ ᠬᠤᠷᠠᠯ  ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠤ ᠲᠡᠦᠬᠡ︾ ᠶᠢ ᠨᠠᠶᠢᠷᠠᠭᠤᠯᠤᠨ ᠪᠢᠴᠢᠬᠦ ᠠᠵᠢᠯ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠰᠠᠭᠤᠷᠢ ᠲᠠᠯᠪᠢᠵᠤ ᠥᠭᠭᠦᠭᠰᠡᠨ ᠢ ᠬᠠᠷᠠᠭᠤᠯᠵᠤ ᠪᠠᠶᠢᠨ᠎ᠠ᠃ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠬᠢᠵᠠᠭᠠᠷᠯᠠᠬᠤ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号