ᠮᠠᠨ ᠤ ᠤᠯᠤᠰ ᠠᠩᠬᠠᠳᠠᠭᠴᠢ ᠬᠠᠬᠢᠷ ᠬᠦᠢᠲᠡᠨ ᠭᠠᠵᠠᠷ ᠣᠷᠣᠨ ᠳᠤ ᠵᠣᠬᠢᠴᠠᠬᠤ ᠨᠠᠷᠢᠨ ᠨᠣᠣᠰᠣᠲᠤ ᠬᠤᠨᠢᠨ ᠤ ᠰᠢᠨ᠎ᠡ ᠡᠭᠦᠯᠳᠡᠷ ᠢ ᠪᠣᠶᠢᠵᠢᠭᠤᠯᠪᠠ
ᠨᠡᠶᠢᠲᠡᠯᠡᠭᠰᠡᠨ ᠴᠠᠭ᠄
2024/2/1
      ᠣᠶᠢᠷ᠎ᠠ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠯᠠᠨᠵᠧᠦ ᠶᠢᠨ ᠮᠠᠯ ᠠᠵᠤ ᠠᠬᠤᠢ ᠪᠠ ᠮᠠᠯ ᠤᠨ ᠡᠮ ᠤᠨ ᠰᠤᠳᠤᠯᠭᠠᠨ ᠤ ᠭᠠᠵᠠᠷ ᠤᠨ ᠰᠤᠳᠤᠯᠤᠭᠴᠢ ᠶᠠᠩ ᠪᠥᠸᠧ ᠬᠤᠶ ᠪᠠᠷ ᠲᠡᠷᠢᠭᠦᠨ ᠰᠠᠭᠤᠳᠠᠯ ᠤᠨ ᠰᠤᠳᠤᠯᠤᠭᠴᠢ ᠪᠤᠯᠭᠠᠭᠰᠠᠨ ᠰᠢᠨ᠎ᠡ ᠶᠢ ᠡᠭᠦᠳᠬᠦ ᠪᠦᠯᠬᠦᠮ ᠭᠠᠨᠰᠤ ᠮᠤᠵᠢ ᠶᠢᠨ ᠬᠤᠨᠢ ᠦᠷᠡᠵᠢᠭᠦᠯᠦᠨ ᠪᠣᠶᠢᠵᠢᠭᠤᠯᠬᠤ ᠮᠡᠷᠭᠡᠵᠢᠯ ᠳᠡᠯᠭᠡᠷᠡᠭᠦᠯᠬᠦ ᠥᠷᠲᠡᠭᠡ ᠵᠡᠷᠭᠡ 7 ᠨᠢᠭᠡᠴᠢ ᠲᠠᠢ ᠬᠠᠮᠲᠤᠷᠠᠨ᠂  ᠮᠠᠨ ᠤ ᠤᠯᠤᠰ ᠤᠨ ᠠᠩᠬᠠᠳᠠᠭᠴᠢ ᠥᠨᠳᠥᠷ ᠠᠭᠤᠯᠠ ᠶᠢᠨ ᠬᠦᠢᠲᠡᠨ ᠭᠠᠩ ᠬᠠᠭᠰᠠᠷᠠᠭᠠᠨ ᠤ ᠠᠮᠢ ᠠᠬᠤᠢ ᠶᠢᠨ ᠣᠷᠣᠨ ᠳᠤ ᠵᠤᠬᠢᠴᠠᠬᠤ ᠨᠠᠷᠢᠨ ᠨᠣᠣᠰᠣᠲᠤ ᠬᠤᠨᠢᠨ ᠤ ᠰᠢᠨ᠎ᠡ ᠡᠭᠦᠯᠳᠡᠷ - ᠥᠨᠳᠥᠷ ᠠᠭᠤᠯᠠ ᠶᠢᠨ ᠮᠧᠷᠢᠨᠣᠰ ᠬᠤᠨᠢ ᠶᠢ ᠪᠣᠶᠢᠵᠢᠭᠤᠯᠵᠤ᠂ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠤᠨ ᠰᠢᠨ᠎ᠡ ᠡᠭᠦᠯᠳᠡᠷ ᠤᠨ ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠪᠠᠶᠢᠨ᠎ᠠ᠃  ᠶᠠᠩ ᠪᠦᠸᠧ ᠬᠤᠢ ᠨᠠᠷ ᠤᠨ 20 ᠵᠢᠯ ᠤᠨ ᠰᠤᠳᠤᠯᠭ᠎ᠠ ᠴᠢᠷᠮᠠᠶᠢᠯᠭ᠎ᠠ ᠪᠠᠷ ᠪᠣᠶ ᠪᠣᠯᠤᠭᠰᠠᠨ ᠲᠣᠰ ᠡᠭᠦᠯᠳᠡᠷ ᠨᠢ ᠳᠡᠯᠡᠬᠡᠢ ᠶᠢᠨ ᠲᠡᠯᠡᠶ ᠶᠢᠨ ᠲᠦᠪᠰᠢᠨ ᠠᠴᠠ ᠥᠨᠳᠥᠷ ᠠᠮᠢ ᠠᠬᠤᠢ ᠶᠢᠨ ᠣᠷᠣᠨ ᠤ ᠨᠠᠷᠢᠨ ᠨᠣᠣᠰᠣᠲᠤ ᠬᠤᠨᠢᠨ ᠤ ᠡᠭᠦᠯᠳᠡᠷ ᠪᠣᠶᠢᠵᠢᠭᠤᠯᠤᠯᠲᠠ ᠶᠢᠨ ᠬᠤᠭᠤᠰᠤᠨ ᠢ ᠨᠥᠬᠦᠪᠦᠷᠢᠯᠡᠵᠦ᠂ ᠮᠠᠨ ᠤ ᠤᠯᠤᠰ ᠤᠨ ᠥᠨᠳᠥᠷ ᠠᠭᠤᠯᠠ ᠶᠢᠨ ᠨᠠᠷᠢᠨ ᠨᠣᠣᠰᠣᠲᠤ ᠬᠤᠨᠢ ᠶᠢ ᠪᠣᠶᠢᠵᠢᠭᠤᠯᠬᠤ ᠴᠢᠬᠤᠯᠠ ᠶᠡᠭᠡ ᠰᠢᠪᠲᠤᠯᠤᠯᠲᠠ ᠪᠣᠯᠵᠤ᠂ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠳᠤ ᠭᠦᠷᠦᠭᠰᠡᠨ ᠪᠠᠶᠢᠨ᠎ᠠ᠃      ᠶᠠᠩ ᠪᠥᠸᠧ ᠬᠤᠶ ᠶᠢᠨ ᠲᠠᠨᠢᠯᠴᠠᠭᠤᠯᠤᠭᠰᠠᠨ ᠢᠶᠠᠷ᠂ ᠥᠨᠳᠥᠷ ᠠᠭᠤᠯᠠ ᠶᠢᠨ ᠮᠧᠷᠢᠨᠣᠰ ᠬᠤᠨᠢ ᠪᠣᠯ ᠠᠦ᠋ᠰᠲᠷᠠᠯᠢᠶ᠎ᠠ ᠶᠢᠨ ᠮᠧᠷᠢᠨᠣᠰ ᠬᠤᠨᠢ ᠪᠠᠷ ᠡᠴᠢᠭᠡ ᠦᠨᠳᠦᠰᠦ ᠪᠣᠯᠭᠠᠵᠤ ᠭᠠᠨᠰᠤ ᠶᠢᠨ ᠥᠨᠳᠥᠷ ᠠᠭᠤᠯᠠ ᠶᠢᠨ ᠨᠠᠷᠢᠨ ᠨᠣᠣᠰᠣᠲᠤ ᠬᠤᠨᠢ ᠪᠠᠷ ᠡᠬᠡ ᠦᠨᠳᠦᠰᠦ ᠪᠣᠯᠭᠠᠭᠰᠠᠨ᠂ ᠣᠲᠣ ᠦᠶ᠎ᠡ ᠶᠢᠨ ᠡᠭᠦᠯᠳᠡᠷ ᠪᠣᠶᠢᠵᠢᠭᠤᠯᠬᠤ ᠲᠡᠷᠢᠭᠦᠨ ᠤ ᠮᠡᠷᠭᠡᠵᠢᠯ ᠢᠶᠠᠷ ᠪᠣᠶᠢᠵᠢᠭᠤᠯᠤᠭᠰᠠᠨ ᠰᠢᠨ᠎ᠡ ᠡᠭᠦᠯᠳᠡᠷ ᠪᠣᠯᠣᠨ᠎ᠠ᠃ ᠲᠤᠰ ᠡᠭᠦᠯᠳᠡᠷ ᠨᠢ 2400 - 4070 ᠮᠧᠲᠷ ᠤᠨ ᠠᠮᠢ ᠠᠬᠤᠢ ᠶᠢᠨ ᠣᠷᠣᠨ ᠳᠤ ᠵᠣᠬᠢᠴᠠᠵᠤ᠂ ᠴᠢᠳᠠᠪᠤᠷᠢ ᠪᠠ ᠶᠡᠷᠦᠩᠬᠡᠢ ᠴᠢᠨᠠᠷ ᠴᠢᠨᠰᠠᠭ᠎ᠠ ᠨᠢ ᠠᠳᠠᠯᠢ ᠲᠥᠷᠥᠯ ᠤᠨ ᠠᠦ᠋ᠰᠲᠷᠠᠯᠢᠶ᠎ᠠ ᠶᠢᠨ ᠮᠧᠷᠢᠨᠣᠰ ᠬᠤᠨᠢ ᠠᠴᠠ ᠳᠠᠪᠠᠵᠤ᠂ ᠠᠦ᠋ᠰᠲᠷᠠᠯᠢᠶ᠎ᠠ ᠶᠢᠨ ᠮᠧᠷᠢᠨᠣᠰ ᠬᠤᠨᠢᠨ ᠤ ᠮᠠᠨ ᠤ ᠤᠯᠤᠰ ᠤᠨ ᠳᠠᠯᠠᠶ ᠶᠢᠨ ᠲᠦᠪᠰᠢᠨ ᠠᠴᠠ ᠥᠨᠳᠥᠷ᠂ ᠥᠨᠳᠥᠷ ᠠᠭᠤᠯᠠ ᠶᠢᠨ ᠬᠦᠢᠲᠡᠨ ᠭᠠᠩ ᠬᠠᠭᠰᠠᠷᠠᠭᠠᠨᠳᠤ ᠠᠮᠢ ᠠᠬᠤᠢ ᠶᠢᠨ ᠣᠷᠣᠨ ᠳᠤ ᠤᠯᠤᠰ ᠲᠠᠭᠠᠨ ᠦᠢᠯᠡᠳᠪᠦᠷᠢᠯᠡᠬᠦ  ᠶᠢ ᠪᠡᠶᠡᠯᠡᠭᠦᠯᠵᠡᠢ᠃ ᠲᠥᠰᠥᠭᠡᠯᠡᠭᠰᠡᠨ ᠢᠶᠠᠷ᠂ ᠵᠢᠯ ᠪᠦᠷᠢ 1.6 ᠲᠦᠮᠡᠨ ᠬᠤᠴᠠ ᠳᠡᠯᠭᠡᠷᠡᠭᠦᠯᠵᠦ᠂ 600 ᠲᠦᠮᠡᠨ ᠨᠠᠷᠢᠨ ᠨᠣᠣᠰᠣᠲᠤ ᠬᠤᠨᠢ ᠶᠢ ᠡᠭᠦᠯᠳᠡᠷ ᠰᠠᠶᠢᠵᠢᠷᠠᠭᠤᠯᠵᠤ᠂ ᠰᠢᠨ᠎ᠡ ᠪᠠᠷ ᠨᠡᠮᠡᠭᠳᠡᠭᠰᠡᠨ ᠦᠢᠯᠡᠳᠬᠦᠨ ᠤ ᠥᠷᠲᠡᠭ ᠨᠢ 10 ᠳ᠋ᠦᠩᠰᠢᠭᠤᠷ ᠲᠥᠭᠦᠷᠢᠭ ᠲᠤ ᠬᠦᠷᠴᠦ᠂ ᠮᠠᠨ ᠤ ᠤᠯᠤᠰ ᠤᠨ ᠨᠠᠷᠢᠨ ᠨᠣᠣᠰᠣᠲᠤ ᠬᠤᠨᠢᠨ ᠤ ᠠᠵᠤ ᠦᠢᠯᠡᠰ ᠤᠨ ᠳᠡᠰ ᠳᠡᠪᠰᠢᠬᠦ  ᠶᠢ ᠠᠬᠢᠭᠤᠯᠬᠤ ᠪᠠ ᠮᠠᠯᠴᠢᠨ ᠲᠠᠷᠢᠶᠠᠴᠢᠨ ᠤ ᠠᠮᠢᠳᠤᠷᠠᠯ ᠦᠢᠯᠡᠳᠪᠦᠷᠢᠯᠡᠯ ᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃  
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号