ᠴᠦᠸᠠᠨ ᠱᠧᠨ ᠢᠦᠢ 2011 016
ᠨᠡᠶᠢᠲᠡᠯᠡᠭᠰᠡᠨ ᠴᠠᠭ᠄
2024/2/10
      ᠲᠥᠷᠥᠯ ᠵᠦᠢᠯ ᠤᠨ ᠨᠡᠷᠡᠶᠢᠳᠦᠯ᠄ ᠡᠷᠳᠡᠨᠢ ᠰᠢᠰᠢ      ᠡᠭᠦᠯᠳᠡᠷ ᠤᠨ ᠨᠡᠷᠡᠶᠢᠳᠦᠯ᠄ ᠳ᠋ᠠ ᠢᠦᠢ 5 ᠳ᠋ᠤᠭᠠᠷ ᠨᠣᠮᠧᠷ      ᠤᠯᠤᠰ ᠤᠨ ᠲᠠᠰ ᠤᠨ ᠬᠢᠨᠠᠨ ᠲᠣᠭᠲᠠᠭᠠᠯᠲᠠ ᠶᠢᠨ ᠳ᠋ᠤᠭᠠᠷᠯᠠᠯ᠄ ᠴᠤᠸᠠᠨ ᠱᠧᠨ ᠢᠦᠢ 2011 016      ᠡᠭᠦᠯᠳᠡᠷ ᠤᠨ ᠢᠷᠡᠯᠲᠡ᠄ ᠳ᠋ᠠ ᠢᠦᠢ 5 ᠳ᠋ᠤᠭᠠᠷ ᠨᠣᠮᠧᠷ  ᠨᠢ ᠳ᠋ᠠᠵᠸᠦ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠭᠠᠵᠠᠷ ᠤᠨ ᠦᠪᠡᠷ ᠢᠶᠠᠨ ᠪᠣᠶᠢᠵᠢᠭᠤᠯᠵᠤ ᠦᠪᠡᠷ ᠢᠶᠠᠨ ᠰᠣᠯᠢᠯᠴᠠᠬᠤ ᠰᠠᠯᠪᠤᠷᠢ ᠶᠢᠨ DW995-11 ᠪᠠᠷ ᠡᠴᠢᠭᠡ ᠦᠨᠳᠦᠰᠦ ᠪᠣᠯᠭᠠᠵᠤ᠂ ᠴᠦᠩᠴᠢᠩ ᠤᠨ ᠭᠤᠷᠪᠠᠨ ᠬᠠᠪᠴᠢᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠣᠩᠭᠤᠨ ᠪᠣᠶᠢᠵᠢᠭᠤᠯᠤᠭᠰᠠᠨ ᠦᠪᠡᠷ ᠢᠶᠠᠨ ᠰᠣᠯᠢᠯᠴᠠᠬᠤ ᠰᠠᠯᠪᠤᠷᠢ ᠶᠢᠨ XZ96112 ᠢᠶᠠᠷ ᠡᠬᠡ ᠦᠨᠳᠦᠰᠦ ᠶᠢᠨ ᠨᠠᠶᠢᠷᠠᠯᠭ᠎ᠠ ᠪᠣᠯᠭᠠᠨ ᠪᠣᠶᠢᠵᠢᠭᠤᠯᠵᠠᠢ᠃      ᠰᠣᠩᠭᠤᠨ ᠪᠤᠶᠢᠵᠢᠭᠤᠯᠤᠭᠰᠠᠨ ᠨᠢᠭᠡᠴᠢ᠄ ᠳ᠋ᠠᠵᠸᠦ ᠬᠤᠳᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠴᠦᠩᠴᠢᠩ ᠤᠨ ᠭᠤᠷᠪᠠᠨ ᠬᠠᠪᠴᠢᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ      ᠥᠪᠡᠷᠮᠢᠴᠡ ᠣᠨᠴᠠᠯᠢᠭ ᠰᠢᠨᠵᠢ᠄      ᠲᠤᠰ ᠡᠭᠦᠯᠳᠡᠷ ᠤᠨ ᠬᠠᠪᠤᠷ ᠤᠨ ᠲᠠᠷᠢᠶᠠᠯᠠᠭ᠎ᠠ ᠶᠢᠨ ᠪᠦᠬᠦ ᠦᠷᠡᠵᠢᠯ ᠤᠨ ᠬᠤᠭᠤᠴᠠᠭ᠎ᠠ ᠨᠢ 114 ᠡᠳᠦᠷ ᠪᠣᠯᠣᠨ᠎ᠠ᠃ ᠨᠢᠭᠡᠳᠦᠭᠡᠷ ᠨᠠᠪᠴᠢᠨ ᠤ ᠳᠤᠭᠲᠤᠢ ᠶᠢᠨ ᠥᠩᠭᠡ ᠨᠢ ᠭᠦᠢᠬᠡᠨ ᠬᠦᠷᠡᠩ᠂ ᠨᠢᠭᠡᠳᠦᠭᠡᠷ ᠨᠠᠪᠴᠢᠨ ᠤ ᠦᠵᠦᠭᠦᠷ ᠤᠨ ᠬᠡᠯᠪᠡᠷᠢ ᠨᠢ ᠲᠣᠭᠤᠷᠢᠭ ᠬᠡᠯᠪᠡᠷᠢ ᠲᠠᠢ᠃ ᠰᠠᠭᠤᠷᠢ ᠶᠢᠨ ᠥᠨᠳᠥᠷ ᠨᠢ 253.7cm᠂ ᠲᠦᠷᠦᠭᠦᠦ ᠶᠢᠨ ᠪᠠᠶᠢᠷᠢ ᠶᠢᠨ ᠦᠨᠳᠦᠷ  ᠨᠢ 92.9cm᠂ ᠰᠠᠭᠤᠷᠢᠯᠠᠭᠰᠠᠨ ᠨᠠᠪᠴᠢᠨ ᠤ ᠢᠯᠲᠠᠰᠤ ᠶᠢᠨ ᠲᠤᠭ᠎ᠠ  ᠨᠢ 20 ᠣᠷᠴᠢᠮ ᠪᠠᠶᠢᠵᠤ᠂ ᠨᠠᠪᠴᠢᠨ ᠤ ᠢᠯᠲᠠᠰᠤ ᠪᠠ ᠡᠰᠢ ᠰᠦᠷᠡᠯ ᠤᠨ ᠥᠨᠴᠥᠭ ᠲᠤ ᠡᠰᠢ ᠶᠢᠨ ︽之︾ ᠦᠰᠦᠭ ᠤᠨ ᠬᠡᠮᠵᠢᠶ᠎ᠡ ᠨᠢ ᠪᠠᠭᠤᠷᠠᠢ᠂ ᠨᠠᠪᠴᠢᠨ ᠤ ᠳᠤᠭᠲᠤᠢ ᠨᠢ ᠨᠣᠭᠤᠭᠠᠨ ᠥᠩᠭᠡ ᠲᠠᠢ᠃ ᠡᠷ᠎ᠡ ᠲᠦᠷᠦᠭᠦᠦ ᠶᠢᠨ ᠨᠢᠭᠡᠳᠦᠭᠡᠷ ᠳᠡᠰ ᠤᠨ ᠬᠠᠵᠠᠭᠤ ᠰᠠᠯᠠᠭ᠎ᠠ ᠶᠢᠨ ᠲᠣᠭᠠᠨ ᠤ ᠳᠣᠲᠣᠷ᠎ᠠ᠂ ᠡᠷ᠎ᠡ ᠲᠦᠷᠦᠭᠦᠦ ᠶᠢᠨ ᠭᠤᠣᠯ ᠲᠡᠩᠭᠡᠯᠢᠭ ᠪᠠ ᠰᠠᠯᠠᠭ᠎ᠠ ᠶᠢᠨ ᠥᠨᠴᠥᠭ ᠲᠤ ᠡᠷ᠎ᠡ ᠲᠦᠷᠦᠭᠦᠦ ᠶᠢᠨ ᠬᠠᠵᠠᠭᠤ ᠰᠠᠯᠠᠭ᠎ᠠ ᠶᠢᠨ ᠳᠦᠷᠰᠦ ᠪᠠᠶᠢᠳᠠᠯ ᠨᠢ ᠠᠰᠬᠠᠨ᠂ ᠡᠷ᠎ᠡ ᠲᠦᠷᠦᠭᠦᠦ ᠶᠢᠨ ᠬᠠᠮᠤᠭ ᠥᠨᠳᠥᠷ ᠪᠠᠶᠢᠷᠢ ᠶᠢᠨ ᠬᠠᠵᠠᠭᠤ ᠰᠠᠯᠠᠭ᠎ᠠ ᠠᠴᠠ ᠳᠡᠭᠡᠭᠰᠢᠬᠢ ᠭᠤᠣᠯ ᠲᠡᠩᠭᠡᠯᠢᠭ ᠤᠨ ᠣᠷᠳᠣ  ᠨᠢ ᠲᠤᠶᠢᠯ ᠤᠨ ᠣᠷᠳᠣ᠂ ᠡᠷ᠎ᠡ ᠲᠦᠷᠦᠭᠦᠦ ᠶᠢᠨ ᠬᠠᠯᠢᠰᠤᠨ ᠢᠯᠲᠠᠰᠤ ᠶᠢᠨ ᠰᠠᠭᠤᠷᠢ ᠬᠡᠰᠡᠭ ᠨᠢ ᠨᠣᠭᠤᠭᠠᠨ ᠥᠩᠭᠡ ᠲᠠᠢ᠂ ᠬᠠᠯᠢᠰᠤᠨ ᠢᠯᠲᠠᠰᠤ ᠶᠢᠨ ᠰᠠᠭᠤᠷᠢ ᠬᠡᠰᠡᠭ ᠠᠴᠠ ᠭᠠᠳᠠᠨᠠᠬᠢ ᠥᠩᠭᠡ ᠨᠢ ᠨᠣᠭᠤᠭᠠᠨ᠂ ᠴᠡᠴᠡᠭ ᠤᠨ ᠡᠮ ᠤᠨ ᠥᠩᠭᠡ ᠨᠢ ᠭᠦᠢᠬᠡᠨ ᠬᠦᠷᠡᠩ᠂ ᠴᠡᠴᠡᠭ ᠤᠨ ᠰᠢᠷᠬᠡᠭ ᠨᠢ ᠨᠣᠭᠤᠭᠠᠨ ᠥᠩᠭᠡ ᠲᠠᠢ᠃ ᠵᠢᠮᠢᠰ ᠤᠨ ᠲᠦᠷᠦᠭᠦᠦ ᠶᠢᠨ ᠬᠡᠯᠪᠡᠷᠢ ᠨᠢ ᠳᠤᠮᠳᠠ ᠬᠡᠯᠪᠡᠷᠢ ᠲᠠᠢ᠂ ᠲᠦᠷᠦᠭᠦᠦ ᠶᠢᠨ ᠤᠷᠳᠦ ᠨᠢ 21.3cm ᠪᠠᠶᠢᠵᠤ᠂ ᠲᠦᠷᠦᠭᠦᠦ ᠶᠢᠨ ᠮᠥᠷ ᠨᠢ 14 ᠮᠥᠷ᠂ ᠮᠥᠷ ᠪᠦᠷᠢ ᠶᠢᠨ ᠮᠥᠬᠦᠯᠢᠭ ᠨᠢ 37.8 ᠮᠥᠬᠦᠯᠢᠭ᠂ ᠮᠢᠩᠭᠠᠨ ᠮᠥᠬᠦᠯᠢᠭ ᠪᠦᠷᠢ ᠶᠢᠨ ᠬᠦᠨᠳᠦ ᠨᠢ 330 ᠭᠷᠡᠮ᠂ ᠦᠷ᠎ᠡ ᠭᠠᠷᠬᠤ ᠨᠤᠷᠮ᠎ᠠ ᠨᠢ 85.0% ᠪᠠᠶᠢᠳᠠᠭ︔ ᠦᠷ᠎ᠡ ᠶᠢᠨ ᠮᠥᠬᠦᠯᠢᠭ ᠤᠨ ᠲᠥᠷᠥᠯ ᠵᠦᠢᠯ  ᠨᠢ ᠮᠣᠷᠢᠨ ᠰᠢᠳᠦᠨ ᠤ ᠬᠡᠯᠪᠡᠷᠢ᠂ ᠦᠷ᠎ᠡ ᠶᠢᠨ ᠮᠥᠬᠦᠯᠢᠭ ᠤᠨ ᠣᠷᠣᠢ ᠶᠢᠨ ᠬᠡᠰᠡᠭ ᠤᠨ ᠭᠤᠣᠯ ᠥᠩᠭᠡ ᠨᠢ ᠴᠠᠶᠢᠪᠤᠷ ᠰᠢᠷᠠᠪᠲᠤᠷ᠂ ᠦᠷ᠎ᠡ ᠶᠢᠨ ᠮᠥᠬᠦᠯᠢᠭ ᠤᠨ ᠠᠷᠤ ᠲᠠᠯ᠎ᠠ ᠨᠢ ᠰᠢᠷᠠᠪᠲᠤᠷ᠂ ᠲᠦᠷᠦᠭᠦᠦ ᠶᠢᠨ ᠲᠡᠩᠭᠡᠯᠢᠭ ᠤᠨ ᠬᠠᠯᠢᠰᠤ ᠨᠢ ᠶᠠᠭᠠᠨ ᠥᠩᠭᠡ ᠲᠠᠢ᠂ ᠦᠷ᠎ᠡ ᠶᠢᠨ ᠮᠥᠬᠦᠯᠢᠭ ᠤᠨ ᠵᠢᠭᠰᠠᠯ  ᠨᠢ ᠱᠤᠷᠠᠭ ᠬᠡᠯᠪᠡᠷᠢᠲᠡᠢ ᠪᠠᠶᠢᠳᠠᠭ᠃ ᠦᠷ᠎ᠡ ᠶᠢᠨ ᠮᠥᠬᠦᠯᠢᠭ ᠤᠨ ᠪᠠᠭᠲᠠᠭᠠᠮᠵᠢ ᠶᠢᠨ ᠬᠦᠨᠳᠦ ᠨᠢ 703g/L᠂ ᠪᠦᠳᠦᠭᠦᠯᠢᠭ ᠤᠭᠤᠷᠠᠭ ᠤᠨ ᠠᠭᠤᠯᠤᠭᠳᠠᠴᠠ ᠨᠢ 10.0%᠂ ᠪᠦᠳᠦᠭᠦᠯᠢᠭ ᠥᠭᠡᠬᠦ ᠶᠢᠨ ᠠᠭᠤᠯᠤᠭᠳᠠᠴᠠ ᠨᠢ 3.6%᠂ ᠪᠦᠳᠦᠭᠦᠯᠢᠭ ᠴᠠᠷᠳᠠᠭᠤᠯ ᠤᠨ ᠠᠭᠤᠯᠤᠭᠳᠠᠴᠠ ᠨᠢ 70.6%᠂ ᠯᠠᠶᠢᠰᠢᠨ ᠰᠢᠪᠲᠦᠷᠲᠦ ᠬᠦᠴᠢᠯ ᠤᠨ ᠠᠭᠤᠯᠤᠭᠳᠠᠴᠠ  ᠨᠢ 0.32% ᠪᠠᠶᠢᠳᠠᠭ᠃ ᠲᠠᠷᠢᠯᠭ᠎ᠠ ᠶᠢᠨ ᠰᠢᠯᠭᠠᠨ ᠲᠣᠭᠲᠠᠭᠠᠯᠲᠠ ᠪᠠᠷ ᠳᠠᠮᠵᠢᠨ᠂ ᠶᠡᠭᠡ ᠲᠣᠯᠪᠣᠲᠤ ᠡᠪᠡᠳᠴᠢᠨ᠂ ᠪᠠᠭ᠎ᠠ ᠲᠣᠯᠪᠣᠲᠤ ᠡᠪᠡᠳᠴᠢᠨ᠂ ᠡᠰᠢ ᠢᠯᠵᠢᠷᠡᠬᠦ ᠡᠪᠡᠳᠴᠢᠨ᠂ ᠬᠡ ᠬᠤᠪᠠᠭ᠋ᠠᠶᠢᠷᠠᠬᠤ ᠡᠪᠡᠳᠴᠢᠨ ᠪᠠ ᠰᠢᠷᠬᠡᠭ ᠨᠢ ᠬᠠᠷᠠᠤ ᠡᠪᠡᠳᠴᠢᠨ ᠢ ᠡᠰᠡᠷᠭᠦᠴᠡᠳᠡᠭ᠃      ᠬᠠᠪᠤᠷ ᠤᠨ ᠲᠠᠷᠢᠶᠠᠯᠠᠭ᠎ᠠ ᠳᠤ ᠲᠣᠬᠢᠷᠠᠮᠵᠢᠲᠠᠢ᠂ ᠮᠦ ᠪᠦᠷᠢ ᠳᠤ 3200 ᠰᠠᠭᠤᠷᠢ ᠲᠠᠷᠢᠪᠠᠯ ᠲᠣᠬᠢᠷᠠᠮᠵᠢᠲᠠᠢ ᠪᠠᠶᠢᠳᠠᠭ᠃ ᠰᠠᠭᠤᠷᠢ ᠪᠣᠷᠳᠣᠭᠤᠷ ᠢ ᠬᠦᠨᠳᠦ ᠣᠷᠣᠭᠤᠯᠵᠤ᠂ ᠡᠷᠲᠡ ᠠᠴᠠ ᠨᠡᠮᠡᠯᠲᠡ ᠪᠣᠷᠳᠣᠭᠤᠷ ᠢ ᠣᠷᠣᠭᠤᠯᠵᠤ᠂ ᠪᠠᠭᠯᠠᠭᠴᠢ ᠪᠣᠷᠳᠣᠭᠤᠷ ᠢ ᠤᠷᠠᠨ ᠢᠶᠠᠷ ᠣᠷᠣᠭᠤᠯᠵᠤ᠂ ᠣᠷᠭᠠᠨᠢᠭ ᠪᠣᠷᠳᠣᠭᠤᠷ ᠢᠶᠠᠷ ᠭᠤᠣᠯᠯᠠᠵᠤ᠂ ᠠᠽᠣᠲ᠂ ᠹᠣᠰᠹᠣᠷ᠂ ᠺᠠᠯᠢ ᠶᠢ ᠵᠣᠬᠢᠰᠲᠠᠢ ᠬᠡᠷᠡᠭᠯᠡᠬᠦ ᠶᠢ ᠠᠩᠬᠠᠷᠬᠤ ᠬᠡᠷᠡᠭᠲᠡᠢ᠃ ᠴᠠᠭ ᠲᠤᠨᠢ ᠲᠣᠬᠢᠷᠠᠭᠤᠯᠤᠨ ᠲᠠᠷᠢᠶ᠎ᠠ ᠲᠡᠩᠨᠡᠵᠦ ᠡᠪᠡᠰᠦ ᠠᠷᠢᠯᠭᠠᠨ᠂ ᠡᠪᠡᠳᠴᠢᠨ ᠬᠤᠷᠣᠬᠠᠢ ᠶᠢᠨ ᠬᠥᠨᠥᠭᠡᠯ ᠢ ᠴᠠᠭ ᠲᠤᠬᠠᠢ ᠳᠤᠨᠢ ᠰᠡᠷᠭᠡᠶᠢᠯᠡᠨ ᠵᠠᠰᠠᠬᠤ ᠬᠡᠷᠡᠭᠲᠡᠢ᠃      ᠤᠨᠠᠯᠲᠠ ᠶᠢᠨ ᠬᠡᠮᠵᠢᠶᠡᠨ ᠤ ᠢᠯᠡᠷᠡᠯ᠄      2008 ᠣᠨ ᠳᠤ ᠰᠧᠴᠤᠸᠠᠨ ᠮᠤᠵᠢ ᠶᠢᠨ ᠫᠢᠩᠴᠢᠦ ᠶᠢᠨ 2 ᠳᠤᠭᠤᠶᠢᠯᠠᠩ ᠤᠨ ᠣᠷᠣᠨ ᠤ ᠲᠤᠷᠰᠢᠯᠲᠠ ᠳᠤ ᠣᠷᠣᠯᠴᠠᠵᠤ᠂ ᠮᠦ ᠪᠦᠷᠢ ᠶᠢᠨ ᠳᠤᠮᠳᠠᠴᠢ ᠤᠨᠠᠯᠲᠠ  ᠨᠢ 526.3 ᠺᠢᠯᠣᠭ᠍ᠷᠠᠮ ᠳᠤ ᠬᠦᠷᠴᠦ᠂ ᠴᠦᠸᠠᠨ ᠳ᠋ᠠᠨ 13  ᠲᠠᠢ ᠬᠠᠷᠢᠴᠠᠭᠤᠯᠪᠠᠯ 6.2% ᠢᠶᠠᠷ ᠨᠡᠮᠡᠭᠳᠡᠵᠡᠢ︔ 2009 ᠣᠨ ᠳᠤ ᠰᠧᠴᠤᠸᠠᠨ ᠮᠤᠵᠢ ᠶᠢᠨ ᠫᠢᠩᠴᠢᠦ ᠲᠣᠭᠤᠷᠢᠭ ᠤᠨ 6 ᠳᠤᠭᠤᠶᠢᠯᠠᠩ ᠤᠨ ᠦᠷᠭᠦᠯᠵᠢᠯᠡᠨ ᠲᠤᠷᠰᠢᠬᠤ ᠲᠤᠷᠰᠢᠯᠲᠠ ᠳᠤ ᠣᠷᠣᠯᠴᠠᠵᠤ᠂ ᠮᠦ ᠪᠦᠷᠢ ᠶᠢᠨ ᠳᠤᠮᠳᠠᠴᠢ ᠤᠨᠠᠯᠲᠠ  ᠨᠢ 478.6kg ᠲᠤ ᠬᠦᠷᠴᠦ᠂ ᠴᠦᠸᠠᠨ ᠳ᠋ᠠᠨ 13  ᠲᠠᠢ ᠬᠠᠷᠢᠴᠠᠭᠤᠯᠪᠠᠯ 11.7% ᠪᠠᠷ ᠨᠡᠮᠡᠭᠳᠡᠵᠡᠢ᠃ ᠬᠤᠶᠠᠷ ᠵᠢᠯ ᠤᠨ ᠣᠷᠣᠨ ᠤ ᠲᠤᠷᠰᠢᠯᠲᠠ ᠶᠢᠨ ᠮᠦ ᠪᠦᠷᠢ ᠶᠢᠨ ᠳᠤᠮᠳᠠᠴᠢ ᠤᠨᠠᠯᠲᠠ  ᠨᠢ 502.5kg ᠲᠤ ᠬᠦᠷᠴᠦ᠂ ᠴᠦᠸᠠᠨ ᠳ᠋ᠠᠨ 13  ᠲᠠᠢ ᠬᠠᠷᠢᠴᠠᠭᠤᠯᠪᠠᠯ 8.95% ᠪᠠᠷ ᠨᠡᠮᠡᠭᠳᠡᠵᠦ᠂ ᠨᠡᠮᠡᠭᠳᠡᠭᠰᠡᠨ ᠴᠡᠭ ᠤᠨ ᠨᠤᠷᠮ᠎ᠠ  ᠨᠢ 82.4% ᠳᠤ ᠬᠦᠷᠪᠡ᠃ 2010 ᠣᠨ ᠳᠤ ᠦᠢᠯᠡᠳᠪᠦᠷᠢᠯᠡᠯ ᠤᠨ ᠲᠤᠷᠰᠢᠯᠲᠠ ᠳᠤ ᠣᠷᠣᠯᠴᠠᠵᠤ᠂ ᠮᠦ ᠪᠦᠷᠢ ᠶᠢᠨ ᠳᠤᠮᠳᠠᠴᠢ ᠤᠨᠠᠯᠲᠠ  ᠨᠢ 502.5 ᠳᠤ ᠬᠦᠷᠴᠦ᠂ ᠴᠦᠸᠠᠨ ᠳ᠋ᠠᠨ 13  ᠲᠠᠢ ᠬᠠᠷᠢᠴᠠᠭᠤᠯᠪᠠᠯ 6.2% ᠢᠶᠠᠷ ᠨᠡᠮᠡᠭᠳᠡᠵᠡᠢ᠃      ᠲᠣᠬᠢᠷᠠᠮᠵᠢᠲᠠᠢ ᠣᠷᠣᠨ ᠪᠦᠰᠡ᠄      ᠰᠧᠴᠤᠸᠠᠨ ᠮᠤᠵᠢ ᠶᠢᠨ ᠫᠢᠩ ᠪᠠ᠂ ᠳᠣᠪᠣᠷᠬᠠᠭ ᠣᠷᠣᠨ᠃
 
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号