​ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2024/2/16
      ᠨᠢᠭᠡᠳᠦᠭᠡᠷ ᠪᠦᠯᠦᠭ     ᠶᠡᠷᠦᠩᠬᠡᠢ ᠳᠦᠷᠢᠮ      ᠨᠢᠭᠡᠳᠦᠭᠡᠷ ᠵᠦᠢᠯ    ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠂ ᠠᠮᠢᠳᠤ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠪᠠ ᠠᠷᠢᠯᠭᠠᠬᠤ ᠶᠢᠨ ᠲᠤᠰᠠᠳᠠ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠰᠡᠷᠭᠡᠶᠢᠯᠡᠬᠦ ᠬᠠᠤᠯᠢ ︾ ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ ︾ ᠂ ︽ ᠡᠪᠡᠳᠴᠢᠨ ᠡᠭᠦᠰᠬᠡᠭᠴᠢ ᠮᠢᠺᠷᠣᠪ ᠤᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠳᠦᠷᠢᠮ ᠲᠣᠭᠲᠠᠭᠠᠯ ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ ᠂ ᠲᠤᠰ ᠠᠷᠭ᠎ᠠ ᠶᠢ ᠲᠣᠭᠲᠠᠭᠠᠪᠠ ᠃      ᠬᠤᠶᠠᠳᠤᠭᠠᠷ ᠵᠦᠢᠯ    ᠲᠤᠰ ᠠᠷᠭ᠎ᠠ ᠳᠤ ᠬᠡᠯᠡᠵᠦ ᠪᠠᠶᠢᠭ᠎ᠠ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠭᠡᠳᠡᠭ  ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠤᠲᠤᠷᠠᠬᠢ ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ᠂ ᠳᠡᠭᠡᠳᠦ ᠵᠡᠷᠭᠡ ᠶᠢᠨ ᠡᠪᠡᠳᠴᠢᠨ ᠡᠭᠦᠰᠬᠡᠬᠦ ᠮᠢᠺᠷᠣᠪ ᠤᠨ ᠲᠤᠷᠰᠢᠯᠲᠠ ᠶᠢᠨ ᠲᠠᠰᠤᠭ ᠂ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠂ ᠪᠣᠭᠤᠮᠲᠠ ᠵᠡᠷᠭᠡ ᠰᠠᠯᠠᠭ᠎ᠠ ᠮᠥᠴᠢᠷ ᠵᠢᠴᠢ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠤᠨ ᠲᠤᠷᠰᠢᠯᠲᠠ ᠶᠢᠨ ᠲᠠᠰᠤᠭ ᠂ ᠭᠤᠷᠪᠠᠳᠠᠭᠢ ᠡᠲᠡᠭᠡᠳ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠂ ᠵᠢᠴᠢ ᠲᠡᠵᠢᠭᠡᠨ ᠦᠷᠡᠵᠢᠭᠦᠯᠬᠦ ᠲᠠᠯᠠᠪᠠᠢ ᠂ ᠨᠢᠳᠤᠯᠤᠯᠳᠠ ᠶᠢᠨ ᠲᠠᠯᠠᠪᠠᠢ ᠪᠠ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠦᠢᠯᠡᠳᠪᠦᠷᠢ ᠵᠡᠷᠭᠡ ᠥᠪᠡᠰᠦᠪᠡᠨ ᠪᠠᠶᠢᠭᠤᠯᠤᠭᠰᠠᠨ ᠥᠪᠡᠰᠦᠪᠡᠨ ᠪᠠᠶᠢᠴᠠᠭᠠᠬᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠵᠡᠷᠭᠡ ᠶᠢ ᠪᠠᠭᠲᠠᠭᠠᠨ᠎ᠠ᠃      ᠭᠤᠷᠪᠠᠳᠠᠭᠢ ᠡᠲᠡᠭᠡᠳ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ  ᠨᠢ ᠡᠷᠬᠡᠪᠰᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢᠨ ᠬᠠᠤᠯᠢ ᠶᠣᠰᠣᠴᠢ ᠴᠢᠨᠠᠷ ᠪᠦᠬᠦᠢ ᠬᠢᠷᠢ ᠬᠡᠮ ᠢ ᠪᠦᠷᠢᠳᠦᠭᠦᠯᠵᠦ ᠂ ᠬᠥᠳᠡᠯᠦᠩᠭᠦᠢ ᠪᠠᠷ ᠲᠣᠬᠢᠷᠠᠭᠤᠯᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠳᠦᠷᠢᠮ ᠢ ᠬᠡᠷᠡᠭᠵᠢᠭᠦᠯᠬᠦ ᠬᠡᠷᠡᠭᠲᠡᠢ ᠃      ᠭᠤᠷᠪᠠᠳᠤᠭᠠᠷ ᠵᠦᠢᠯ    ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠳᠤ ︽ ᠨᠢᠭᠡᠳᠦᠯᠲᠡᠢ ᠲᠥᠯᠥᠪᠵᠢᠭᠦᠯᠬᠦ ᠂ ᠵᠦᠢ ᠵᠣᠬᠢᠰᠲᠠᠢ ᠪᠠᠶᠢᠷᠢᠯᠠᠭᠤᠯᠬᠤ ᠂ ᠠᠮᠤᠷ ᠲᠦᠪᠰᠢᠨ ᠢ ᠲᠡᠷᠢᠭᠦᠨ ᠪᠠᠶᠢᠷᠢ ᠳᠤ ᠲᠠᠯᠪᠢᠬᠤ ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠂ ᠬᠠᠷᠢᠶ᠎ᠠ ᠣᠷᠣᠨ ᠳᠤ  ᠨᠢ ᠬᠠᠮᠢᠶᠠᠷᠠᠭᠤᠯᠬᠤ᠂ ᠱᠠᠲᠤ ᠬᠤᠪᠢᠶᠠᠨ ᠬᠠᠷᠢᠭᠤᠴᠠᠬᠤ ︾ ᠵᠠᠷᠴᠢᠮ ᠢ ᠪᠠᠷᠢᠮᠲᠠᠯᠠᠨ ᠂ ᠠᠮᠢᠳᠤ ᠪᠣᠳᠠᠰ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠳᠠᠯᠠᠨ᠎ᠠ ᠃      ᠳᠥᠷᠪᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠥᠬᠦ ᠣᠷᠣᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠂ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠬᠢᠷᠢ ᠲᠡᠩᠴᠡᠭᠰᠡᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ 5 ᠵᠢᠯ ᠪᠣᠯᠣᠨ᠎ᠠ ᠃ ᠬᠦᠴᠦᠨ ᠲᠠᠢ ᠬᠤᠭᠤᠴᠠᠭ᠎ᠠ ᠳᠦᠭᠦᠷᠬᠦ ᠠᠴᠠ ᠡᠮᠦᠨ᠎ᠡ 6 ᠰᠠᠷ᠎ᠠ ᠶᠢᠨ ᠳᠣᠲᠣᠷ᠎ᠠ ᠤᠷᠲᠤᠳᠬᠠᠨ ᠬᠢᠨᠠᠨ ᠬᠡᠮᠵᠢᠭᠦᠯᠬᠦ ᠭᠤᠶᠤᠴᠢᠯᠠᠯ ᠭᠠᠷᠭᠠᠬᠤ ᠬᠡᠷᠡᠭᠲᠡᠢ ᠃      ᠠᠶᠢᠮᠠᠭ ᠬᠤᠳᠠ ᠂ ᠬᠤᠰᠢᠭᠤ ᠰᠢᠶᠠᠨ ᠤ ᠱᠠᠲᠤᠨ ᠤ ᠮᠠᠯ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ  ᠨᠢ ᠲᠤᠰ ᠬᠠᠷᠢᠶ᠎ᠠ ᠣᠷᠣᠨ ᠤ  ᠪᠠᠨ ᠳᠣᠲᠣᠷᠠᠬᠢ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠲᠤ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃      ᠲᠠᠪᠤᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠠᠴᠠ ᠮᠡᠷᠭᠡᠵᠢᠯ ᠤᠨ ᠵᠢᠯᠣᠭᠤᠳᠤᠯᠭ᠎ᠠ ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠢ ᠦᠨᠡᠯᠡᠨ ᠵᠢᠱᠢᠬᠦ ᠂ ᠴᠢᠳᠠᠪᠤᠷᠢ ᠶᠢ ᠬᠠᠷᠢᠴᠠᠭᠤᠯᠬᠤ ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠢ ᠲᠠᠬᠢᠨ ᠬᠢᠨᠠᠬᠤ ᠵᠢᠴᠢ ᠠᠵᠢᠯᠯᠠᠭᠤᠯᠬᠤ ᠪᠣᠯᠪᠠᠰᠤᠷᠠᠭᠤᠯᠤᠯ ᠵᠡᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ ᠂ ᠠᠶᠢᠮᠠᠭ ᠬᠤᠳᠠ ᠂ ᠬᠤᠰᠢᠭᠤ ᠰᠢᠶᠠᠨ ᠤ ᠱᠠᠲᠤᠨ ᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠨᠤᠭᠤᠳ ᠬᠠᠷᠢᠶ᠎ᠠ ᠣᠷᠣᠨ ᠤ  ᠪᠠᠨ ᠳᠣᠲᠣᠷᠠᠬᠢ ᠬᠠᠮᠢᠶ᠎ᠠ ᠪᠦᠬᠦᠢ ᠮᠠᠯ ᠡᠮᠨᠡᠯᠭᠡ ᠶᠢᠨ ᠲᠤᠷᠰᠢᠯᠲᠠ ᠶᠢᠨ ᠲᠡᠰᠤᠬ ᠲᠤ ᠮᠡᠷᠭᠡᠵᠢᠯ ᠤᠨ ᠵᠢᠯᠣᠭᠤᠳᠤᠯᠭ᠎ᠠ ᠬᠢᠬᠦ ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠪᠣᠯᠣᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠂ ᠶᠠᠩᠵᠤ ᠦᠯᠡᠳᠡᠭᠡᠵᠦ ᠲᠠᠬᠢᠨ ᠬᠢᠨᠠᠬᠤ ᠵᠡᠷᠭᠡ ᠶᠢ ᠬᠠᠷᠢᠭᠤᠴᠠᠨ᠎ᠠ ᠃      ᠵᠢᠷᠭᠤᠳᠤᠭᠠᠷ ᠵᠦᠢᠯ    ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠠᠷᠢᠭᠤᠴᠠᠯᠭᠠᠲᠠᠨ ᠪᠣᠯ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭᠠᠲᠠᠨ ᠮᠥᠨ ᠃ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠠᠶᠢᠭᠤᠯᠬᠤ ᠨᠢᠭᠡᠴᠢ ᠠᠮᠢᠳᠤ ᠪᠣᠳᠠᠰ ᠤᠨ ᠠᠮᠤᠷ ᠲᠦᠪᠰᠢᠨ ᠪᠠ ᠠᠮᠤᠷ ᠲᠦᠪᠰᠢᠨ ᠢ ᠬᠠᠮᠠᠭᠠᠯᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠂ ᠥᠪᠡᠷ ᠢ ᠪᠠᠨ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ ᠂ ᠠᠮᠢᠳᠤ ᠪᠣᠳᠠᠰ ᠤᠨ ᠠᠮᠤᠷ ᠲᠦᠪᠰᠢᠨ ᠤ ᠲᠠᠯᠳᠠ ᠭᠡᠮ ᠢ ᠴᠠᠭ ᠲᠤᠬᠠᠢ ᠳᠤ  ᠨᠢ  ᠢᠯᠡᠷᠡᠭᠦᠯᠬᠦ ᠶᠢᠨ ᠬᠠᠮᠲᠤ ᠠᠷᠢᠯᠭᠠᠵᠤ ᠂ ᠭᠠᠯ ᠢ ᠰᠡᠷᠭᠡᠶᠢᠯᠡᠬᠦ ᠂ ᠳᠡᠯᠪᠡᠷᠡᠬᠦ ᠶᠢ ᠰᠡᠷᠭᠡᠶᠢᠯᠡᠬᠦ ᠂ ᠬᠤᠯᠠᠭᠠᠶᠢᠯᠠᠬᠤ ᠶᠢ ᠰᠡᠷᠭᠡᠶᠢᠯᠡᠬᠦ ᠪᠠ ᠭᠤᠭᠤᠵᠢᠬᠤ ᠶᠢ ᠰᠡᠷᠭᠡᠶᠢᠯᠡᠬᠦ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠬᠡᠷᠡᠭᠲᠡᠢ ᠃ ᠬᠠᠭᠠᠰ ᠵᠢᠯ ᠪᠦᠷᠢ ᠠᠵᠢᠯᠲᠠᠳ ᠲᠤ ᠪᠣᠯᠪᠠᠰᠤᠷᠠᠭᠤᠯᠤᠯ ᠬᠢᠵᠦ᠂ ᠲᠡᠳᠡᠨ ᠤ ᠬᠠᠮᠢᠶ᠎ᠠ ᠪᠦᠬᠦᠢ ᠮᠡᠷᠭᠡᠵᠢᠯ ᠤᠨ ᠵᠢᠷᠤᠮᠵᠢᠯ᠂ ᠠᠵᠢᠯᠯᠠᠬᠤ ᠳᠦᠷᠢᠮ ᠪᠠ ᠠᠮᠢᠳᠤ ᠪᠣᠳᠠᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠮᠡᠳᠡᠯᠭᠡ ᠶᠢ ᠡᠵᠡᠮᠰᠢᠬᠦ ᠶᠢ ᠪᠠᠲᠤᠯᠠᠬᠤ ᠬᠡᠷᠡᠭᠲᠡᠢ᠃      ᠳᠣᠯᠣᠳᠤᠭᠠᠷ ᠵᠦᠢᠯ    ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠪᠤᠰᠤᠳᠴᠢ ᠪᠥᠭᠡᠳ ᠪᠡᠶ᠎ᠡ ᠪᠠᠨ ᠳᠠᠭᠠᠭᠠᠬᠤ ᠂ ᠡᠷᠬᠡ ᠲᠡᠭᠰᠢ ᠲᠥᠪ ᠭᠤᠣᠯᠴᠢ ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ ᠃ ᠪᠦᠷᠢᠨ ᠲᠡᠭᠦᠯᠳᠡᠷ ᠳᠦᠷᠢᠮ ᠲᠣᠭᠲᠠᠭᠠᠯ ᠪᠠ ᠪᠠᠶᠢᠴᠠᠭᠠᠨ ᠬᠡᠮᠵᠢᠬᠦ ᠶᠠᠪᠤᠴᠠ ᠶᠢ ᠲᠣᠭᠲᠠᠭᠠᠵᠤ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠤᠨ ᠦᠨᠡᠨ ᠪᠣᠳᠠᠲᠠᠢ᠂ ᠣᠨᠣᠪᠴᠢᠲᠠᠶ᠂ ᠪᠤᠰᠤᠳᠴᠢ᠂ ᠲᠥᠪ ᠭᠤᠥᠯᠴᠢ ᠪᠠᠶᠢᠬᠤ ᠶᠢ ᠪᠠᠲᠤᠯᠠᠵᠤ᠂ ᠴᠠᠭ ᠬᠤᠭᠤᠴᠠᠭᠠᠲᠤ ᠴᠢᠨᠠᠷ ᠲᠠᠢ᠂ ᠵᠣᠬᠢᠰ ᠦᠭᠡᠢ ᠡᠯᠧᠮᠧᠨ᠋ᠲ ᠳᠤ ᠨᠥᠯᠥᠭᠡᠯᠡᠭᠳᠡᠬᠦ ᠦᠭᠡᠢ᠂ ᠬᠤᠳᠠᠯ ᠬᠠᠭᠤᠷᠮᠠᠭ ᠪᠤᠶᠤ ᠲᠣᠭᠲᠠᠭᠠᠯ ᠳᠤ ᠨᠡᠶᠢᠴᠡᠬᠦ ᠦᠭᠡᠢ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠭᠠᠷᠭᠠᠬᠤ ᠦᠭᠡᠢ ᠪᠠᠶᠢᠬᠤ ᠬᠡᠷᠡᠭᠲᠡᠢ᠃      ᠬᠤᠶᠠᠳᠤᠭᠠᠷ ᠪᠦᠯᠦᠭ    ᠪᠦᠲᠦᠭᠡᠨ ᠪᠠᠶᠢᠭᠤᠯᠬᠤ ᠱᠠᠭᠠᠷᠳᠠᠯᠭ᠎ᠠ      ᠨᠠᠢᠮᠠᠳᠤᠭᠠᠷ ᠵᠦᠢᠯ    ᠲᠤᠬᠠᠢ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠪᠠ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠣᠳᠣᠬᠢ ᠪᠠᠶᠢᠳᠠᠯ ᠲᠠᠢ ᠪᠠᠨ ᠤᠶᠠᠯᠳᠤᠭᠤᠯᠤᠨ ᠂ ᠨᠢᠭᠡᠳᠦᠯᠲᠡᠢ ᠲᠥᠯᠥᠪᠵᠢᠭᠦᠯᠦᠨ ᠂ ᠵᠦᠢ ᠵᠣᠬᠢᠰᠲᠠᠢ ᠪᠠᠶᠢᠷᠢᠯᠠᠭᠤᠯᠵᠤ ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠢ ᠲᠥᠯᠥᠪᠯᠡᠭᠡ ᠲᠠᠢ ᠂ ᠭᠤᠣᠯᠳᠠᠯᠭ᠎ᠠ ᠲᠠᠢ ᠪᠠᠷ ᠪᠦᠲᠦᠭᠡᠨ ᠪᠠᠶᠢᠭᠤᠯᠵᠤ ᠂ ᠵᠣᠬᠢᠬᠤ ᠬᠡᠮᠵᠢᠶᠡᠨ ᠤ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠪᠠᠲᠤᠯᠠᠵᠤ ᠂ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠶᠢ ᠬᠡᠷᠡᠭᠵᠢᠭᠦᠯᠦᠨ᠎ᠡ ᠃      ᠶᠢᠰᠦᠳᠦᠭᠡᠷ ᠵᠦᠢᠯ    ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠭᠠᠵᠠᠷ ᠰᠣᠩᠭᠤᠬᠤ ᠂ ᠵᠢᠷᠤᠵᠤ ᠲᠥᠯᠥᠪᠯᠡᠬᠦ ᠪᠠ ᠪᠠᠶᠢᠭᠤᠯᠬᠤ ᠵᠡᠷᠭᠡ ᠨᠢ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠣᠳᠣᠯᠬᠢᠯᠠᠵᠤ ᠂ ︽ ᠠᠮᠢᠳᠤ ᠪᠣᠳᠠᠰ ᠤᠨ ᠠᠮᠤᠷ ᠲᠦᠪᠰᠢᠨ ᠤ ᠲᠤᠷᠰᠢᠯᠲᠠ ᠶᠢᠨ ᠲᠠᠰᠤᠭ ᠤᠨ ᠪᠠᠷᠢᠯᠭ᠎ᠠ ᠶᠢᠨ ᠮᠡᠷᠭᠡᠵᠢᠯ ᠤᠨ ᠵᠢᠷᠤᠮᠵᠢᠯ ︾ ᠂ ︽ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ ︾ ᠂ ︽ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠤᠨ ᠵᠢᠷᠤᠭ ᠲᠥᠯᠥᠪᠯᠡᠭᠡ ᠬᠢᠭᠡᠳ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ ᠱᠠᠭᠠᠷᠳᠠᠯᠭ᠎ᠠ ︾ ᠶᠢᠨ ᠲᠣᠭᠲᠠᠭᠠᠯ  ᠲᠠᠢ ᠨᠡᠶᠢᠴᠡᠵᠦ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠲᠡᠰ ᠨᠢ ᠲᠡᠭᠦᠨ ᠤ ᠬᠢᠵᠦ ᠪᠠᠶᠢᠭ᠎ᠠ ᠲᠤᠷᠰᠢᠯᠲᠠ ᠶᠢᠨ ᠠᠵᠢᠯᠯᠠᠭ᠎ᠠ ᠲᠠᠢ ᠪᠠᠨ ᠵᠣᠬᠢᠴᠠᠯᠳᠤᠭᠰᠠᠨ ᠪᠠᠶᠢᠬᠤ ᠬᠡᠷᠡᠭᠲᠡᠢ᠃      ᠠᠷᠪᠠᠳᠤᠭᠠᠷ ᠵᠦᠢᠯ    ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠂ ᠭᠤᠷᠪᠠᠳᠠᠭᠢ ᠡᠲᠡᠭᠡᠳ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠂ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠂ ᠪᠣᠭᠤᠮᠲᠠ ᠶᠢᠨ ᠰᠠᠯᠠᠭ᠎ᠠ ᠮᠥᠴᠢᠷ ᠵᠢᠴᠢ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠤᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠡᠷᠬᠡᠪᠰᠢ ᠠᠮᠢᠳᠤ ᠪᠣᠳᠠᠰ ᠤᠨ ᠠᠮᠤᠷ ᠲᠦᠪᠰᠢᠨ ᠤ Ⅱ ᠳᠡᠰ ᠤᠨ ᠲᠤᠷᠰᠢᠯᠲᠠ ᠶᠢᠨ ᠲᠠᠰᠤᠭ ᠪᠠᠶᠢᠭᠤᠯᠬᠤ ᠱᠠᠭᠠᠷᠳᠠᠯᠭ᠎ᠠ ᠳᠤ ᠬᠦᠷᠴᠦ ᠂ ᠠᠮᠢᠳᠤ ᠪᠣᠳᠠᠰ ᠤᠨ ᠠᠮᠤᠷ ᠲᠦᠪᠰᠢᠨ ᠤ ᠵᠡᠷᠭᠡ ᠳᠡᠰ ᠲᠠᠢ ᠵᠣᠬᠢᠴᠠᠯᠳᠤᠭᠰᠠᠨ ᠪᠡᠯᠡᠳᠭᠡᠮᠵᠢ᠂ ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠢ ᠃      ᠠᠷᠪᠠᠨ ᠨᠢᠭᠡᠳᠦᠭᠡᠷ ᠵᠦᠢᠯ    ᠳᠡᠭᠡᠳᠦ ᠲᠠᠰ ᠤᠨ ᠡᠪᠡᠳᠴᠢᠨ ᠡᠭᠦᠰᠬᠡᠬᠦ ᠮᠢᠺᠷᠣᠪ ᠤᠨ ᠲᠤᠷᠰᠢᠯᠲᠠ ᠶᠢᠨ ᠲᠠᠰᠤᠭ  ᠨᠢ ᠡᠷᠬᠡᠪᠰᠢ ᠠᠮᠢᠳᠤ ᠪᠣᠳᠠᠰ ᠤᠨ ᠠᠮᠤᠷ ᠲᠦᠪᠰᠢᠨ ᠤ Ⅲ ᠲᠠᠰ ᠤᠨ ᠲᠤᠷᠰᠢᠯᠲᠠ ᠶᠢᠨ ᠲᠠᠰᠤᠭ ᠤᠨ ᠱᠠᠭᠠᠷᠳᠠᠯᠭ᠎ᠠ ᠳᠤ ᠬᠦᠷᠴᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠴᠣᠬᠤᠯᠠᠪᠤᠷᠢᠯᠠᠭᠰᠠᠨ ᠬᠡᠪᠴᠢᠶᠡᠨ ᠳᠤ  ᠲᠤᠬᠢᠷᠠᠬᠤ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠠᠮᠢᠲᠠᠨ ᠤ ᠡᠪᠡᠳᠴᠢᠨ ᠡᠭᠦᠰᠬᠡᠬᠦ ᠮᠢᠺᠷᠣᠪ ᠤᠨ ᠲᠤᠷᠰᠢᠯᠲᠠ ᠶᠢᠨ ᠠᠵᠢᠯᠯᠠᠭ᠎ᠠ ᠶᠢ  ᠦᠷᠨᠢᠭᠦᠯᠦᠨ᠎ᠡ ᠂ ᠬᠡᠪᠴᠢᠶ᠎ᠡ ᠠᠴᠠ ᠬᠡᠲᠦᠷᠡᠭᠦᠯᠦᠨ ᠡᠪᠡᠳᠴᠢᠨ ᠤ ᠮᠠᠲ᠋ᠧᠷᠢᠶᠠᠯ ᠴᠤᠭᠯᠠᠭᠤᠯᠬᠤ ᠪᠠ ᠬᠠᠮᠢᠶ᠎ᠠ ᠪᠦᠬᠦᠢ ᠰᠤᠳᠤᠯᠭᠠᠨ ᠬᠢᠬᠦ ᠶᠢ ᠴᠢᠩᠭ᠎ᠠ ᠴᠠᠭᠠᠵᠠᠯᠠᠨ᠎ᠠ᠃      ᠠᠷᠪᠠᠨ ᠬᠤᠶᠠᠳᠤᠭᠠᠷ ᠵᠦᠢᠯ    ᠲᠡᠵᠢᠭᠡᠨ ᠦᠷᠡᠵᠢᠭᠦᠯᠬᠦ ᠲᠠᠯᠠᠪᠠᠢ ᠂ ᠨᠢᠲᠤᠯᠠᠯᠲᠠ ᠶᠢᠨ ᠲᠠᠯᠠᠪᠠᠢ ᠂ ᠬᠤᠣᠷ ᠦᠭᠡᠶᠢᠵᠢᠬᠦᠯᠦᠨ ᠰᠢᠢᠳᠪᠦᠷᠢᠯᠡᠬᠦ ᠦᠢᠯᠡᠳᠪᠦᠷᠢ ᠵᠡᠷᠭᠡ ᠥᠪᠡᠰᠦᠪᠡᠨ ᠪᠠᠶᠢᠭᠤᠯᠵᠤ ᠥᠪᠡᠰᠦᠪᠡᠨ ᠪᠠᠶᠢᠴᠠᠭᠠᠬᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠠᠮᠢᠳᠤ ᠪᠣᠳᠠᠰ ᠤᠨ ᠠᠮᠤᠷ ᠲᠦᠪᠰᠢᠨ ᠤ ᠱᠠᠭᠠᠷᠳᠠᠯᠭ᠎ᠠ ᠂ ᠲᠤᠬᠠᠢ ᠶᠢᠨ ᠭᠠᠵᠠᠷ ᠤᠨ ᠣᠷᠴᠢᠨ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ ᠪᠥᠭᠡᠳ ᠠᠵᠤ ᠠᠬᠤᠶᠢᠯᠠᠯ ᠤᠨ ᠬᠡᠪᠴᠢᠶ᠎ᠡ ᠲᠠᠢ ᠵᠣᠬᠢᠴᠠᠭᠤᠯᠤᠨ ᠂ ᠠᠵᠤ ᠠᠬᠤᠶᠢᠯᠠᠯ ᠤᠨ ᠬᠢᠨᠠᠨ ᠬᠡᠮᠵᠢᠬᠦ ᠬᠡᠷᠡᠭᠴᠡᠭᠡ ᠶᠢ ᠬᠠᠩᠭᠠᠪᠠᠯ ᠰᠠᠶ᠋ᠢ ᠠᠮᠢᠲᠠᠨ ᠤ ᠬᠢᠵᠢᠭ ᠡᠪᠡᠳᠴᠢᠨ ᠢ ᠪᠠᠶᠢᠴᠠᠭᠠᠨ ᠬᠡᠮᠵᠢᠬᠦ ᠠᠵᠢᠯ ᠢ ᠬᠢᠵᠦ ᠪᠣᠯᠣᠨ᠎ᠠ ᠃      ᠭᠤᠷᠪᠠᠳᠤᠭᠠᠷ ᠪᠦᠯᠦᠭ   ᠠᠵᠢᠯᠯᠠᠭᠠᠨ ᠤ ᠬᠠᠮᠢᠶᠠᠷᠤᠯᠲᠠ      ᠠᠷᠪᠠᠨ ᠭᠤᠷᠪᠠᠳᠤᠭᠠᠷ ᠵᠦᠢᠯ    ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠬᠤᠯᠪᠣᠭᠳᠠᠯ ᠪᠦᠬᠦᠢ ᠮᠡᠷᠭᠡᠵᠢᠯ ᠤᠨ ᠵᠢᠷᠤᠮᠵᠢᠯ ᠪᠠ ᠪᠠᠷᠢᠮᠵᠢᠶ᠎ᠠ ᠶᠢ ᠵᠢᠷᠤᠮᠯᠠᠵᠤ ᠂ ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠪᠠ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠠᠵᠢᠯᠯᠠᠭᠤᠯᠵᠤ ᠂ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ ᠃      ᠠᠷᠪᠠᠨ ᠳᠥᠷᠪᠡᠳᠦᠭᠡᠷ ᠵᠦᠢᠯ    ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠬᠢᠭᠡᠳ ᠠᠮᠤᠷ ᠲᠦᠪᠰᠢᠨ ᠢᠶᠠᠷ ᠠᠵᠢᠯᠯᠠᠬᠤ ᠳᠦᠷᠢᠮ ᠢ ᠴᠢᠩᠭ᠎ᠠ ᠵᠢᠷᠤᠮᠯᠠᠬᠤ ᠬᠡᠷᠡᠭᠲᠡᠢ ᠃ ᠠᠮᠢᠳᠤ ᠪᠣᠳᠠᠰ ᠤᠨ ᠠᠮᠤᠷ ᠲᠦᠪᠰᠢᠨ ᠤ ᠵᠥᠪᠯᠡᠯ ᠢ ᠪᠠᠶᠢᠭᠤᠯᠵᠤ᠂ ᠪᠠᠶᠢᠴᠠᠭᠠᠨ ᠬᠡᠮᠵᠢᠬᠦ ᠠᠵᠢᠯ ᠤᠨ ᠴᠤᠪᠤᠷᠠᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠪᠠ ᠰᠠᠨᠠᠭᠠᠨ ᠳᠤ ᠦᠭᠡᠢ ᠠᠳᠡᠯ ᠢ ᠰᠢᠢᠳᠪᠦᠷᠢᠯᠡᠬᠦ ᠲᠠᠰ ᠳᠠᠷᠠᠭᠠᠯᠠᠯ ᠢ ᠲᠣᠭᠲᠠᠭᠠᠵᠤ᠂ ᠵᠢᠯ ᠪᠦᠷᠢ ᠨᠠᠭᠠᠲᠤ ᠵᠠᠬ᠎ᠠ ᠳᠤ ᠪᠠᠨ ᠪᠣᠶ ᠪᠦᠬᠦᠢ ᠲᠤᠷᠰᠢᠯᠲᠠ ᠶᠢᠨ ᠲᠠᠰᠤᠭ ᠤᠨ ᠠᠵᠢᠯᠲᠠᠨ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠨᠢᠭᠡ ᠤᠳᠠᠭ᠎ᠠ ᠬᠢᠵᠦ᠂ ᠲᠤᠷᠰᠢᠯᠲᠠ ᠶᠢᠨ ᠲᠠᠰᠤᠭ ᠤᠨ ᠠᠳᠡᠯ ᠢ ᠮᠡᠳᠡᠭᠦᠯᠬᠦ ᠳᠦᠷᠢᠮ ᠢ ᠪᠠᠶᠢᠭᠤᠯᠤᠨ᠂ ᠲᠤᠷᠰᠢᠯᠲᠠ ᠶᠢᠨ ᠲᠠᠰᠤᠭ ᠲᠤ ᠰᠠᠨᠠᠭᠠᠨ ᠳᠤ ᠦᠭᠡᠢ ᠠᠳᠡᠯ ᠭᠠᠷᠪᠠᠯ ᠴᠠᠭ ᠲᠤᠬᠠᠢ ᠳᠤ  ᠨᠢ ᠮᠡᠳᠡᠭᠦᠯᠬᠦ ᠬᠡᠷᠡᠭᠲᠡᠢ᠂ ᠶᠠᠮᠠᠷᠪᠠ ᠬᠥᠮᠥᠨ ᠮᠡᠳᠡᠭᠦᠯᠬᠦ ᠦᠭᠡᠢ ᠨᠢᠭᠤᠬᠤ ᠪᠤᠶᠤ ᠬᠤᠳᠠᠯ ᠢᠶᠠᠷ ᠮᠡᠳᠡᠭᠦᠯᠵᠦ ᠪᠣᠯᠬᠤ ᠦᠭᠡᠢ᠃      ᠠᠷᠪᠠᠨ ᠲᠠᠪᠤᠳᠤᠭᠠᠷ ᠵᠦᠢᠯ    ᠬᠢᠷᠢ ᠬᠡᠮ ᠲᠠᠢ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠲᠤ ᠲᠤᠷᠰᠢᠯᠲᠠ ᠶᠢᠨ ᠠᠵᠢᠯᠯᠠᠭ᠎ᠠ ᠬᠢᠬᠦ ᠯᠦᠭᠡ ᠵᠣᠬᠢᠴᠠᠯᠳᠤᠭᠰᠠᠨ ᠠᠵᠢᠯᠲᠠᠨ ᠲᠣᠬᠢᠷᠠᠭᠤᠯᠬᠤ ᠬᠡᠷᠡᠭᠲᠡᠢ ᠄      ︵ᠨᠢᠭᠡ︶ ᠶᠠᠰᠤ ᠴᠢᠨᠠᠷ ᠤᠨ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ᠂ ᠠᠮᠢᠳᠤ ᠪᠣᠳᠠᠰ ᠤᠨ ᠠᠮᠤᠷ ᠲᠦᠪᠰᠢᠨ ᠤ ᠬᠠᠷᠢᠭᠤᠴᠠᠯᠭᠠᠲᠠᠨ ᠨᠢ ᠮᠠᠯ ᠡᠮᠨᠡᠯᠭᠡ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠬᠤᠢ ᠪᠠᠶᠢᠳᠠᠯ ᠲᠠᠢ ᠪᠠᠶᠢᠵᠤ᠂ ᠲᠣᠰ ᠲᠤᠰᠬᠠᠢ ᠮᠡᠷᠭᠡᠵᠢᠯ ᠤᠨ ᠠᠵᠢᠯ ᠢ 5 ᠵᠢᠯ ᠠᠴᠠ ᠳᠡᠭᠡᠭᠰᠢ ᠬᠢᠭᠰᠡᠨ ᠂ ᠳᠤᠮᠳᠠ ᠵᠡᠷᠭᠡ ᠶᠢᠨ ᠪᠤᠶᠤ ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ ᠪᠠᠶᠢᠵᠤ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠲᠠᠢ ᠪᠥᠭᠡᠳ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠨ ᠮᠡᠳᠡᠬᠦ ᠬᠡᠷᠡᠭᠲᠡᠢ᠃      ︵ᠬᠤᠶᠠᠷ︶ ᠲᠤᠷᠰᠢᠯᠲᠠ ᠶᠢᠨ ᠲᠠᠰᠤᠭ ᠤᠨ ᠬᠠᠷᠢᠭᠤᠴᠠᠯᠭᠠᠲᠠᠨ ᠨᠢ ᠮᠠᠯ ᠡᠮᠨᠡᠯᠭᠡ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠬᠤᠢ ᠪᠠᠶᠢᠳᠠᠯ ᠲᠠᠢ᠂ ᠲᠣᠰ ᠲᠤᠰᠬᠠᠢ ᠮᠡᠷᠭᠡᠵᠢᠯ ᠤᠨ ᠠᠵᠢᠯ ᠢ 3 ᠵᠢᠯ ᠠᠴᠠ ᠳᠡᠭᠡᠭᠰᠢ ᠬᠢᠭᠰᠡᠨ᠂ ᠳᠤᠮᠳᠠ ᠵᠡᠷᠭᠡ ᠶᠢᠨ ᠪᠤᠶᠤ ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠲᠠᠢ ᠪᠠᠶᠢᠬᠤ ᠬᠡᠷᠡᠭᠲᠡᠢ᠃      ︵ᠭᠤᠷᠪᠠ︶ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠠᠵᠢᠯᠲᠠᠨ   ᠨᠢ ᠮᠠᠯ ᠡᠮᠨᠡᠯᠭᠡ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠬᠤᠢ ᠪᠠᠶᠢᠳᠠᠯ ᠲᠠᠢ᠂ ᠲᠣᠰ ᠲᠤᠰᠬᠠᠢ ᠮᠡᠷᠭᠡᠵᠢᠯ ᠤᠨ ᠠᠵᠢᠯ ᠢ 2 ᠵᠢᠯ ᠠᠴᠠ ᠳᠡᠭᠡᠭᠰᠢ ᠬᠢᠭᠰᠡᠨ᠂ ᠳᠤᠮᠳᠠ ᠵᠡᠷᠭᠡ ᠶᠢᠨ ᠪᠤᠶᠤ ᠲᠡᠭᠦᠨ ᠠᠴᠠ ᠳᠡᠭᠡᠭᠰᠢᠬᠢ ᠮᠡᠷᠭᠡᠵᠢᠯ ᠤᠨ ᠴᠣᠯᠠ ᠲᠠᠢ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠲᠠᠢ ᠪᠠᠶᠢᠬᠤ ᠬᠡᠷᠡᠭᠲᠡᠢ᠃      ︵ᠳᠥᠷᠪᠡ︶ ᠪᠠᠶᠢᠴᠠᠭᠠᠨ ᠬᠡᠮᠵᠢᠬᠦ ᠠᠵᠢᠯᠲᠠᠨ ᠨᠢ ᠮᠠᠯ ᠤᠨ ᠡᠮᠴᠢ ᠪᠤᠶᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠬᠤᠢ ᠪᠠᠶᠢᠳᠠᠯ ᠲᠠᠢ ᠪᠠᠶᠢᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠮᠡᠷᠭᠡᠵᠢᠯ ᠤᠨ ᠵᠢᠷᠤᠮᠵᠢᠯ ᠢ ᠰᠠᠶᠢᠨ ᠮᠡᠳᠡᠵᠦ᠂ ᠲᠤᠷᠰᠢᠯᠲᠠ ᠶᠢᠨ ᠲᠠᠰᠤᠭ ᠤᠨ ᠡᠯ᠎ᠡ ᠵᠦᠢᠯ ᠤᠨ ᠲᠤᠷᠰᠢᠯᠲᠠ ᠶᠢᠨ ᠠᠵᠢᠯᠯᠠᠬᠤ ᠮᠡᠷᠭᠡᠵᠢᠯ ᠢ ᠡᠵᠡᠮᠰᠢᠵᠦ᠂ ᠬᠡᠮᠵᠢᠭᠦᠷᠯᠢᠭ ᠲᠥᠬᠦᠭᠡᠷᠦᠮᠵᠢ ᠶᠢ ᠪᠣᠯᠪᠠᠰᠤᠷᠠᠩᠭᠤᠢ ᠬᠡᠷᠡᠭᠯᠡᠵᠦ᠂ ᠪᠣᠯᠪᠠᠰᠤᠷᠠᠭᠤᠯᠤᠯ ᠬᠢᠨᠠᠨ ᠰᠢᠯᠭᠠᠯᠲᠠ ᠪᠠᠷ ᠳᠡᠮᠵᠢᠨ ᠬᠢᠷᠢ ᠲᠡᠩᠴᠡᠭᠡᠳ ᠠᠵᠢᠯ ᠤᠨ ᠪᠠᠶᠢᠷᠢ ᠳᠤ ᠭᠠᠷᠬᠤ ᠦᠨᠡᠮᠯᠡᠯ ᠣᠯᠣᠭᠰᠠᠨ ᠪᠠᠶᠢᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ    ᠦᠯᠢᠭᠡᠷ ᠡᠳ᠋ ᠢ ᠴᠤᠭᠯᠠᠭᠤᠯᠬᠤ ᠂ ᠵᠦᠭᠡᠭᠡᠪᠦᠷᠢᠯᠡᠬᠦ ᠳᠤ ︽ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠠᠮᠢᠲᠠᠨ ᠤ ᠡᠪᠡᠳᠴᠢᠨ ᠡᠭᠦᠰᠬᠡᠬᠦ ᠮᠢᠺᠷᠣᠪ ᠪᠠᠺᠲ᠋ᠧᠷᠢ ︵ ᠬᠤᠣᠷ ︶ ᠶᠢᠨ ᠲᠦᠷᠦᠯ ᠵᠦᠢᠯ ᠪᠤᠶᠤ ᠦᠯᠢᠭᠡᠷ ᠡᠳ᠋ ᠢ ᠵᠦᠭᠡᠭᠡᠪᠦᠷᠢᠯᠡᠵᠦ ᠪᠣᠭᠤᠳᠠᠯᠯᠠᠬᠤ ᠵᠢᠷᠤᠮᠵᠢᠯ ︾ ᠤᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ ᠃      ᠥᠯᠢᠭᠡᠷ ᠡᠳ᠋ ᠢ ᠬᠠᠳᠠᠭᠠᠯᠠᠬᠤ᠂ ᠬᠡᠷᠡᠭᠯᠡᠬᠦ ᠬᠠᠮᠢᠶᠠᠷᠤᠯᠲᠠ ᠳᠤ ᠤᠯᠤᠰ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠴᠤᠭᠯᠠᠭᠤᠯᠬᠤ᠂ ᠪᠣᠭᠤᠳᠠᠯᠯᠠᠬᠤ᠂ ᠵᠦᠭᠡᠭᠡᠪᠦᠷᠢᠯᠡᠬᠦ ᠂ ᠭᠥᠯᠢᠶᠡᠨ ᠠᠪᠬᠤ᠂ ᠦᠶᠯᠡᠳᠬᠦ᠂ ᠬᠠᠳᠠᠭᠠᠯᠠᠬᠤ ᠵᠡᠷᠭᠡ ᠠᠵᠢᠯᠯᠠᠭᠠᠨ ᠤ ᠳᠦᠷᠢᠮ ᠢ ᠲᠣᠭᠲᠠᠭᠠᠵᠤ᠂ ᠰᠢᠯᠭᠠᠨ ᠪᠠᠶᠢᠴᠠᠭᠠᠭᠰᠠᠨ ᠤ ᠳᠠᠷᠠᠭᠠᠬᠢ ᠥᠯᠢᠭᠡᠷ ᠡᠳ᠋᠂ ᠨᠢᠭᠡᠨᠲᠡ ᠲᠠᠷᠬᠠᠭᠠᠭᠰᠠᠨ ᠮᠡᠳᠡᠭᠦᠯᠦᠯᠲᠡ ᠶᠢᠨ ᠥᠯᠢᠭᠡᠷ ᠡᠳ᠋ ᠤᠨ ᠦᠯᠡᠳᠡᠭᠡᠬᠦ ᠴᠠᠭ ᠤᠨ ᠬᠢᠵᠠᠭᠠᠷ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠬᠡᠷᠡᠭᠲᠡᠢ᠃ ᠥᠯᠢᠭᠡᠷ ᠠᠪᠬᠤ ᠮᠡᠳᠡᠭᠡ ᠵᠠᠩᠭᠢ ᠶᠢ ᠦᠨᠡᠨ ᠪᠣᠳᠠᠲᠠᠢ ᠪᠠᠷ ᠲᠠᠭᠯᠠᠵᠤ᠂ ᠪᠠᠶᠢᠴᠠᠭᠠᠨ ᠬᠡᠮᠵᠢᠭᠰᠡᠨ ᠶᠠᠪᠤᠴᠠ ᠪᠠ ᠪᠠᠶᠢᠴᠠᠭᠠᠨ ᠬᠡᠮᠵᠢᠭᠰᠡᠨ ᠦᠷ᠎ᠡ ᠳ᠋ᠦᠩ ᠢ ᠨᠡᠬᠡᠮᠵᠢᠯᠡᠵᠦ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠠᠷᠪᠠᠨ ᠳᠣᠯᠣᠳᠤᠭᠠᠷ ᠵᠦᠢᠯ    ᠠᠵᠢᠯᠠᠯᠵᠤ ᠪᠠᠶᠢᠭ᠎ᠠ ᠡᠪᠡᠳᠴᠢᠨ ᠡᠭᠦᠰᠬᠡᠬᠦ ᠮᠢᠺᠷᠣᠪ ᠤᠨ ᠲᠦᠷᠦᠯ ᠵᠦᠢᠯ ᠂ ᠪᠣᠬᠢᠷᠲᠤᠭᠳᠠᠬᠤ ᠡᠲᠡᠭᠡᠳ ᠪᠠ ᠪᠣᠬᠢᠷᠲᠤᠭᠳᠠᠭᠰᠠᠨ ᠬᠡᠮᠵᠢᠶ᠎ᠡ ᠵᠡᠷᠭᠡ ᠶᠢ ᠦᠨᠳᠦᠰᠦᠯᠡᠨ ᠲᠣᠬᠢᠷᠠᠮᠵᠢᠲᠠᠢ ᠠᠷᠢᠭᠤᠳᠬᠠᠬᠤ ᠪᠠ ᠪᠠᠺᠲ᠋ᠧᠷᠢ ᠤᠰᠠᠳᠬᠠᠬᠤ ᠠᠷᠭ᠎ᠠ ᠶᠢ ᠰᠣᠩᠭᠤᠵᠤ ᠂ ᠠᠷᠢᠭᠤᠳᠬᠠᠬᠤ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃ ᠲᠤᠷᠰᠢᠯᠲᠠ ᠶᠢᠨ ᠲᠠᠰᠤᠭ ᠤᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠳᠤ ᠪᠠᠨ ᠤᠯᠤᠰ ᠤᠨ ᠪᠤᠶᠤ ᠣᠷᠣᠨ ᠨᠤᠲᠤᠭ ᠤᠨ ᠬᠠᠤᠯᠢ ᠲᠣᠭᠲᠠᠭᠠᠯ ᠪᠠ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠲᠤᠰᠬᠠᠢ ᠬᠥᠮᠥᠨ ᠢᠶᠠᠷ ᠬᠠᠷᠢᠭᠤᠴᠠᠭᠤᠯᠤᠨ᠂ ᠪᠢᠴᠢᠭ ᠤᠨ ᠲᠡᠮᠳᠡᠭᠯᠡᠯ ᠲᠠᠢ ᠪᠠᠶᠢᠯᠭᠠᠵᠤ᠂ ᠨᠢᠭᠡᠳᠦᠯᠲᠡᠢ ᠲᠠᠩᠰᠠ ᠡᠪᠬᠡᠮᠡᠯ ᠳᠤ ᠣᠷᠣᠭᠤᠯᠵᠤ᠂ ᠨᠡᠬᠡᠮᠵᠢᠯᠡᠵᠦ ᠪᠣᠯᠬᠤ ᠶᠢ ᠪᠡᠶᠡᠯᠡᠭᠦᠯᠬᠦ ᠬᠡᠷᠡᠭᠲᠡᠢ᠃      ᠠᠷᠪᠠᠨ ᠨᠠᠢᠮᠠᠳᠤᠭᠠᠷ ᠵᠦᠢᠯ    ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢ ᠲᠠᠷᠬᠠᠭᠠᠬᠤ ᠳᠦᠷᠢᠮ ᠢ ᠪᠠᠶᠢᠭᠤᠯᠵᠤ ᠂ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢᠨ ᠣᠨᠣᠪᠴᠢᠲᠠᠶ ᠂ ᠲᠤᠳᠤ᠂ ᠲᠣᠳᠣᠷᠬᠠᠢ ᠂ ᠪᠤᠰᠤᠳᠴᠢ ᠪᠠᠶᠢᠬᠤ ᠶᠢ ᠪᠠᠲᠤᠯᠠᠵᠤ ᠂ ᠭᠠᠷᠭᠠᠭᠰᠠᠨ ᠮᠡᠳᠡᠭᠦᠯᠦᠯᠲᠡ ᠨᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠠᠷᠭ᠎ᠠ ᠶᠢᠨ ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠶᠢᠨ ᠬᠠᠮᠲᠤ ᠮᠡᠳᠡᠭᠦᠯᠦᠯᠲᠡ ᠶᠢ ᠡᠭᠡᠭᠦᠯᠦᠨ ᠬᠤᠷᠢᠶᠠᠬᠤ ᠬᠠᠮᠢᠶᠠᠷᠤᠯᠲᠠ ᠶᠢᠨ ᠵᠢᠷᠤᠮ ᠢ ᠲᠣᠭᠲᠠᠭᠠᠨ᠎ᠠ ᠃      ᠪᠠᠶᠢᠴᠠᠭᠠᠨ ᠬᠡᠮᠵᠢᠭᠰᠡᠨ ᠦᠷ᠎ᠡ ᠳ᠋ᠦᠩ ᠢ ᠤᠯᠤᠰ ᠤᠨ ᠮᠠᠯ ᠡᠮᠨᠡᠯᠭᠡ ᠶᠢᠨ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠲᠠᠪᠴᠠᠩ ᠤᠨ ︽ ᠠᠮᠢᠳᠠᠨ ᠤ ᠬᠢᠵᠢᠭ ᠡᠪᠡᠳᠴᠢᠨ ᠢ ᠪᠠᠶᠢᠴᠠᠭᠠᠨ ᠬᠡᠮᠵᠢᠬᠦ ᠬᠢᠭᠡᠳ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ︾ ᠶᠢᠨ ᠰᠢᠰᠲ᠋ᠧᠮ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ ᠮᠡᠳᠡᠭᠦᠯᠦᠨ ᠬᠦᠷᠭᠡᠬᠦ ᠬᠡᠷᠡᠭᠲᠡᠢ ᠃      ᠠᠷᠪᠠ ᠶᠢᠰᠦᠳᠦᠭᠡᠷ ᠵᠦᠢᠯ    ᠲᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶ᠎ᠠ ᠪᠦᠬᠦᠢ ᠲᠠᠩᠰᠠ ᠡᠪᠬᠡᠮᠡᠯ ᠳᠤ ᠠᠩᠬᠠᠨ ᠤ ᠲᠡᠮᠳᠡᠭᠯᠡᠯ᠂ ᠪᠠᠶᠢᠴᠠᠭᠠᠨ ᠬᠡᠮᠵᠢᠭᠰᠡᠨ ᠮᠡᠳᠡᠭᠦᠯᠦᠯᠲᠡ᠂ ᠬᠡᠮᠵᠢᠭᠦᠷᠯᠢᠭ ᠲᠥᠬᠦᠭᠡᠷᠦᠮᠵᠢ᠂ ᠠᠵᠢᠯᠲᠠᠨ᠂ ᠪᠠᠷᠢᠮᠵᠢᠶᠠᠲᠤ ᠪᠣᠳᠠᠰ ᠬᠢᠭᠡᠳ ᠤᠷᠪᠠᠯᠵᠢ᠂ ᠠᠵᠢᠯ ᠤᠨ ᠲᠥᠯᠥᠪᠯᠡᠭᠡ ᠵᠢᠴᠢ ᠳ᠋ᠦᠩᠨᠡᠯᠲᠡ ᠵᠡᠷᠭᠡ ᠶᠢ ᠪᠠᠭᠲᠠᠭᠠᠵᠤ᠂ ᠪᠣᠶ ᠪᠦᠬᠦᠢ ᠲᠠᠩᠰᠠ ᠡᠪᠬᠡᠮᠡᠯ ᠢ ᠲᠥᠷᠥᠯ ᠬᠤᠪᠢᠶᠠᠨ ᠬᠠᠮᠢᠶᠠᠷᠴᠤ᠂ ᠪᠠᠶᠢᠭᠤᠯᠤᠭᠰᠠᠨ ᠲᠠᠩᠰᠠ ᠡᠪᠬᠡᠮᠡᠯ ᠢ ᠵᠢᠷᠤᠮᠵᠢᠭᠤᠨ ᠂ ᠪᠦᠷᠢᠨ ᠭᠦᠢᠴᠡᠳ᠂ ᠲᠤᠰᠬᠠᠢ ᠬᠥᠮᠥᠨ ᠢᠶᠠᠷ ᠬᠠᠮᠢᠶᠠᠷᠤᠭᠤᠯᠬᠤ ᠬᠡᠷᠡᠭᠲᠡᠢ᠃ ᠲᠤᠷᠰᠢᠯᠲᠠ ᠶᠢᠨ ᠲᠠᠰᠤᠭ ᠤᠨ ᠲᠠᠩᠰᠠ ᠡᠪᠬᠡᠮᠡᠯ ᠢ ᠬᠠᠳᠠᠭᠠᠯᠠᠬᠤ ᠥᠷᠲᠡᠭ ᠢ ᠦᠨᠳᠦᠰᠦᠯᠡᠨ ᠬᠠᠳᠠᠭᠠᠯᠠᠬᠤ ᠬᠤᠭᠤᠴᠠᠭ᠎ᠠ ᠶᠢ ᠲᠣᠭᠲᠠᠭᠠᠨ᠎ᠠ᠂ ᠬᠠᠮᠤᠭ ᠪᠠᠭ᠎ᠠ ᠳᠤ ᠪᠠᠨ 5 ᠵᠢᠯ ᠪᠣᠯᠣᠨ᠎ᠠ᠃ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠠᠮᠢᠲᠠᠨ ᠤ ᠡᠪᠡᠳᠴᠢᠨ ᠡᠭᠦᠰᠬᠡᠬᠦ ᠮᠢᠺᠷᠣᠪ ᠤᠨ ᠬᠠᠮᠢᠶ᠎ᠠ ᠪᠦᠬᠦᠢ ᠠᠵᠢᠯᠯᠠᠭ᠎ᠠ ᠶᠢᠨ ᠲᠠᠩᠰᠠ ᠡᠪᠬᠡᠮᠡᠯ ᠢ ᠥᠨᠢᠳᠡ ᠬᠠᠳᠠᠭᠠᠯᠠᠨ᠎ᠠ᠃      ᠬᠤᠷᠢᠳᠤᠭᠠᠷ ᠵᠦᠢᠯ    ᠲᠤᠷᠰᠢᠯᠲᠠ ᠶᠢᠨ ᠲᠠᠰᠤᠭ ᠤᠨ ᠠᠵᠢᠯᠯᠠᠭ᠎ᠠ ᠶᠢᠨ ᠳᠣᠲᠣᠭᠠᠳᠤ ᠭᠠᠳᠠᠭᠠᠳᠤ ᠬᠠᠮᠢᠶᠠᠷᠤᠯᠲᠠ ᠶᠢ ᠴᠢᠩᠭᠠᠳᠬᠠᠨ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠷᠰᠢᠯᠲᠠ ᠶᠢᠨ ᠲᠠᠰᠤᠭ ᠤᠨ ᠳᠣᠲᠣᠭᠠᠳᠤ ᠶᠠᠰᠤ ᠴᠢᠨᠠᠷ ᠤᠨ ᠡᠵᠡᠮᠳᠡᠯ ᠢ ᠥᠷᠨᠢᠭᠦᠯᠵᠦ ᠂ ᠠᠶᠢᠮᠠᠭ ᠬᠤᠳᠠ ᠶᠢᠨ ᠱᠠᠲᠤ ᠵᠢᠴᠢ ᠲᠡᠭᠦᠨ ᠠᠴᠠ ᠳᠡᠭᠡᠭᠰᠢᠬᠢ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠤᠶᠤ ᠬᠢᠷᠢ ᠴᠢᠳᠠᠮᠵᠢ ᠲᠠᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠭᠠᠳᠠᠭᠠᠳᠤ ᠶᠠᠰᠤ ᠴᠢᠨᠠᠷ ᠤᠨ ᠡᠵᠡᠮᠳᠡᠯ ᠳᠤ ᠣᠷᠣᠯᠴᠠᠵᠤ ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠤᠨ ᠣᠨᠣᠪᠴᠢᠲᠠᠶ ᠪᠠᠶᠢᠬᠤ ᠪᠠ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠃      ᠬᠤᠷᠢᠨ ᠨᠢᠭᠡᠳᠦᠭᠡᠷ ᠵᠦᠢᠯ    ᠲᠤᠷᠰᠢᠯᠲᠠ ᠶᠢᠨ ᠠᠵᠢᠯᠯᠠᠭ᠎ᠠ ᠬᠢᠵᠦ ᠪᠠᠶᠢᠭ᠎ᠠ ᠪᠠᠺᠲ᠋ᠧᠷᠢ ︵ᠬᠤᠣᠷ︶ ᠶᠢᠨ ᠦᠷ᠎ᠡ ᠪᠠ ᠦᠯᠢᠭᠡᠷ ᠢ ᠬᠠᠳᠠᠭᠠᠯᠠᠬᠤ ᠬᠠᠮᠢᠶᠠᠷᠤᠯᠲᠠ ᠶᠢ ︽ᠡᠪᠡᠳᠴᠢᠨ ᠡᠭᠦᠰᠬᠡᠭᠴᠢ ᠮᠢᠺᠷᠣᠪ ᠤᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠂ ︽ᠠᠮᠢᠲᠠᠨ ᠤ ᠡᠪᠡᠳᠴᠢᠨ ᠡᠭᠦᠰᠬᠡᠭᠴᠢ ᠮᠢᠺᠷᠣᠪ ᠪᠠᠺᠲ᠋ᠧᠷᠢ ︵ᠬᠤᠣᠷ︶ ᠶᠢᠨ ᠦᠷ᠎ᠡ ᠶᠢ ᠬᠠᠳᠠᠭᠠᠯᠠᠬᠤ ᠬᠠᠮᠢᠶᠠᠷᠤᠯᠲᠠ ᠶᠢᠨ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ ᠃      ᠬᠤᠷᠢᠨ ᠬᠤᠶᠠᠳᠤᠭᠠᠷ ᠵᠦᠢᠯ    ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ  ᠤᠨ  ᠬᠠᠳᠠᠭᠠᠯᠠᠯᠳᠠ ᠬᠠᠮᠢᠶᠠᠷᠤᠯᠳᠠ ᠶᠢ ᠴᠢᠩᠭᠠᠳᠬᠠᠵᠤ ᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ ᠲᠥᠬᠦᠭᠡᠷᠦᠮᠵᠢ ᠪᠠ ᠵᠣᠬᠢᠬᠤ ᠲᠤᠭ᠎ᠠ ᠬᠡᠮᠵᠢᠶᠡᠨ ᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠣᠬᠢᠷᠠᠭᠤᠯᠵᠤ ᠂ ᠪᠠᠴᠢᠮ ᠪᠠᠶᠢᠳᠠᠯ ᠢ ᠠᠷᠭᠠᠴᠠᠭᠠᠬᠤ ᠭᠠᠷᠬᠤ ᠡᠭᠦᠳᠡ ᠪᠠ ᠭᠠᠯ  ᠰᠡᠷᠭᠡᠶᠢᠯᠡᠨ ᠤᠨᠳᠠᠷᠠᠭᠠᠬᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠂ ᠪᠠᠴᠢᠮ ᠪᠠᠶᠢᠳᠠᠯ ᠢ ᠠᠷᠭᠠᠴᠠᠭᠠᠬᠤ ᠪᠠ ᠭᠠᠯ ᠤᠨᠲᠠᠷᠠᠭᠠᠬᠤ ᠮᠡᠳᠡᠯᠭᠡ ᠶᠢᠨ ᠪᠣᠯᠪᠠᠰᠤᠷᠠᠭᠤᠯᠤᠯ ᠪᠠ ᠬᠢᠨᠠᠯᠲᠠ ᠪᠠᠶᠢᠴᠠᠭᠠᠯᠲᠠ ᠶᠢ ᠥᠷᠨᠢᠭᠦᠯᠵᠦ ᠂ ᠲᠦᠭᠰᠢᠭᠦᠷᠢ ᠶᠢᠨ ᠲᠠᠯᠳᠠ ᠭᠡᠮ ᠢ ᠴᠠᠭ ᠲᠤᠬᠠᠢ ᠳᠤ  ᠨᠢ ᠢᠯᠡᠷᠡᠭᠦᠯᠦᠨ ᠠᠷᠢᠯᠭᠠᠬᠤ ᠬᠡᠷᠡᠭᠲᠡᠢ ᠃ ᠬᠤᠣᠷᠲᠠᠢ ᠬᠥᠨᠥᠭᠡᠯ ᠲᠠᠢ ᠬᠢᠮᠢ ᠶᠢᠨ ᠪᠤᠳᠠᠰ ᠢ ᠬᠠᠮᠢᠶᠠᠷᠬᠤ ᠳᠤ ᠪᠠᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠦᠯᠬᠦ ᠬᠡᠷᠡᠭᠲᠡᠢ ᠪᠥᠭᠡᠳ  ᠬᠠᠷᠠᠭᠠᠯᠵᠠᠬᠰᠠᠨ ᠬᠠᠳᠠᠭᠠᠯᠠᠨ ᠬᠠᠮᠢᠶᠠᠷᠬᠤ ᠳᠦᠷᠢᠮ ᠢ ᠲᠣᠭᠲᠠᠭᠠᠵᠤ ᠂ ᠬᠤᠶᠠᠷ ᠬᠥᠮᠥᠨ ᠬᠤᠶᠠᠷ ᠣᠨᠢᠰᠤ ᠪᠠᠷ ᠬᠠᠳᠠᠭᠠᠯᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠢ ᠃      ᠳᠥᠷᠪᠡᠳᠦᠭᠡᠷ ᠪᠦᠯᠦᠭ    ᠬᠢᠨᠠᠯᠲᠠ ᠬᠠᠮᠢᠶᠠᠷᠤᠯᠲᠠ      ᠬᠤᠷᠢᠨ ᠭᠤᠷᠪᠠᠳᠤᠭᠠᠷ ᠵᠦᠢᠯ    ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠮᠠᠯ ᠡᠮᠨᠡᠯᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ  ᠨᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ  ᠬᠢᠨᠠᠯᠳᠠ ᠪᠠᠶᠢᠴᠠᠭᠠᠯᠳᠠ ᠥᠷᠨᠢᠭᠦᠯᠵᠦ᠂ ᠬᠠᠷᠢᠶᠠᠲᠤ ᠣᠷᠣᠨ  ᠳᠠᠬᠢ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠵᠢᠴᠢ ᠬᠠᠤᠯᠢ ᠲᠣᠭᠲᠠᠭᠠᠯ ᠶᠣᠰᠣᠭᠠᠷ ᠲᠤᠷᠰᠢᠯᠲᠠ ᠶᠢᠨ ᠠᠵᠢᠯᠯᠠᠭ᠎ᠠ ᠥᠷᠨᠢᠭᠦᠯᠦᠭᠰᠡᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠵᠤ᠂ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤ  ᠨᠢ ᠵᠠᠯᠠᠷᠠᠭᠤᠯᠵᠤ᠂ ᠶᠠᠰᠤ ᠴᠢᠨᠠᠷ ᠤᠨ ᠠᠰᠠᠭᠤᠳᠠᠯ ᠪᠤᠶᠤ ᠠᠮᠢᠳᠤ ᠪᠣᠳᠠᠰ ᠤᠨ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠲᠡᠭᠦᠨ ᠤ ᠪᠣᠶ ᠪᠦᠬᠦᠢ ᠪᠠᠶᠢᠴᠠᠭᠠᠨ ᠬᠡᠮᠵᠢᠬᠦ ᠠᠵᠢᠯᠯᠠᠭ᠎ᠠ ᠶᠢ ᠲᠦᠷ ᠵᠣᠭᠰᠣᠭᠠᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠵᠦ ᠪᠠᠷᠢᠮᠵᠢᠶ᠎ᠠ ᠳᠤ ᠬᠦᠷᠦᠭᠦᠯᠦᠭᠰᠡᠨ ᠤ ᠳᠠᠷᠠᠭ᠎ᠠ ᠰᠠᠶ᠋ᠢ ᠲᠤᠷᠰᠢᠯᠲᠠ ᠶᠢᠨ ᠠᠵᠢᠯᠯᠠᠭ᠎ᠠ ᠶᠢ ᠳᠠᠬᠢᠨᠲᠠ ᠥᠷᠨᠢᠭᠦᠯᠵᠦ ᠪᠣᠯᠣᠨ᠎ᠠ᠃      ᠬᠤᠷᠢᠨ ᠳᠥᠷᠪᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠪᠦᠬᠦ ᠣᠷᠣᠨ ᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠂ ᠭᠤᠣᠯᠳᠠᠭᠤ ᠳᠡᠭᠡᠳᠦ ᠲᠡᠰ ᠤᠨ ᠡᠪᠡᠳᠴᠢᠨ ᠡᠭᠦᠰᠬᠡᠭᠴᠢ ᠮᠢᠺᠷᠣᠪ ᠤᠨ ᠲᠤᠷᠰᠢᠯᠲᠠ ᠶᠢᠨ ᠲᠠᠰᠤᠭ ᠤᠨ ᠬᠢᠨᠠᠯᠲᠠ ᠬᠠᠮᠢᠶᠠᠷᠤᠯᠲᠠ ᠪᠠᠶᠢᠵᠤ ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠵᠢᠴᠢ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠠᠷᠢᠭᠤᠴᠠᠯᠭᠠᠲᠠᠨ ᠤ ᠠᠮᠢᠳᠤ ᠪᠣᠳᠠᠰ ᠤᠨ ᠠᠮᠤᠷ ᠲᠦᠪᠰᠢᠨ ᠤ ᠨᠢᠭᠡᠳᠦᠭᠡᠷ ᠬᠠᠷᠢᠭᠤᠴᠠᠯᠭ᠎ᠠ ᠶᠢ ᠬᠢᠨᠠᠯᠲᠠ ᠲᠠᠯᠪᠢᠨ ᠨᠠᠶᠢᠳᠠᠪᠤᠷᠢᠵᠢᠭᠤᠯᠤᠨ᠎ᠠ ᠂ ᠭᠤᠣᠯᠳᠠᠯᠭ᠎ᠠ ᠨᠢ ᠳᠣᠣᠷᠠᠬᠢ ᠮᠡᠲᠦ ᠄      ︵ ᠨᠢᠭᠡ ︶ ᠲᠤᠷᠰᠢᠯᠲᠠ ᠶᠢᠨ ᠠᠵᠢᠯᠯᠠᠭ᠎ᠠ ᠶᠢ ᠵᠥᠪᠰᠢᠶᠡᠷᠡᠭᠰᠡᠨ ᠪᠠ ᠲᠡᠭᠦᠨ ᠢ ᠭᠦᠢᠴᠡᠳᠬᠡᠭᠰᠡᠨ ᠪᠠᠶᠢᠳᠠᠯ ︔      ︵ ᠬᠤᠶᠠᠷ ︶ ᠪᠠᠺᠲ᠋ᠧᠷᠢ ︵ᠸᠢᠷᠦ᠋ᠰ︶ ᠪᠠ ᠡᠪᠡᠳᠴᠢᠨ ᠤ ᠮᠠᠲ᠋ᠧᠷᠢᠶᠠᠯ ︵ᠦᠯᠢᠭᠡᠷ ᠡᠳ᠋︶ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ︔      ︵ ᠭᠤᠷᠪᠠ ︶ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠮᠤᠷ ᠲᠦᠪᠰᠢᠨ ᠤ ᠬᠠᠮᠢᠶᠠᠷᠤᠯᠲᠠ ᠂ ᠠᠮᠤᠷ ᠲᠦᠪᠰᠢᠨ ᠤ ᠰᠡᠷᠭᠡᠶᠢᠯᠡᠯᠲᠡ ᠂ ᠬᠠᠯᠳᠠᠪᠤᠷᠢᠯᠠᠯ ᠢ ᠬᠢᠵᠠᠭᠠᠷᠯᠠᠬᠤ ᠪᠠ ᠠᠮᠢᠳᠤ ᠪᠣᠳᠠᠰ ᠤᠨ ᠠᠮᠤᠷ ᠲᠦᠪᠰᠢᠨ ᠤ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠥᠯ ᠵᠡᠷᠭᠡ ᠳᠦᠷᠢᠮ ᠢ ᠲᠣᠭᠲᠠᠭᠠᠭᠰᠠᠨ ᠪᠠ ᠬᠡᠷᠡᠭᠵᠢᠭᠦᠯᠦᠭᠰᠡᠨ ᠪᠠᠶᠢᠳᠠᠯ ︔      ︵ ᠳᠥᠷᠪᠡ ︶ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠲᠥᠬᠦᠭᠡᠷᠦᠮᠵᠢ ᠶᠢ ᠬᠠᠮᠠᠭᠠᠯᠠᠨ ᠠᠷᠠᠴᠢᠯᠠᠭᠰᠠᠨ ᠂ ᠬᠥᠮᠥᠨ ᠢ ᠰᠡᠷᠭᠡᠶᠢᠯᠡᠨ ᠬᠠᠮᠠᠭᠠᠯᠠᠭᠰᠠᠨ ᠂ ᠬᠠᠶᠠᠭᠳᠠᠮᠠᠯ ᠪᠣᠳᠠᠰ ᠢ ᠰᠢᠢᠳᠪᠦᠷᠢᠯᠡᠭᠰᠡᠨ ᠵᠡᠷᠭᠡ ᠪᠠᠶᠢᠳᠠᠯ ︔      ︵ ᠲᠠᠪᠤ ︶ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ  ᠠᠮᠤᠷ ᠲᠦᠪᠰᠢᠨ ᠤ ᠭᠠᠷ ᠳᠡᠪᠲᠡᠷ ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠪᠠᠷᠢᠮᠵᠢᠶᠠᠲᠤ ᠠᠵᠢᠯᠯᠠᠬᠤ ᠳᠦᠷᠢᠮ ᠤᠨ ᠬᠠᠮᠢᠶᠠᠷᠤᠯᠲᠠ ᠵᠡᠷᠭᠡ ᠳᠦᠷᠢᠮ ᠢ ᠪᠣᠳᠠᠲᠠᠢ ᠬᠡᠷᠡᠭᠵᠢᠭᠦᠯᠦᠭᠰᠡᠨ ᠪᠠᠶᠢᠳᠠᠯ ︔      ︵ ᠵᠢᠷᠭᠤᠭ᠎ᠠ ︶ ᠲᠤᠷᠰᠢᠯᠲᠠ ᠶᠢᠨ ᠠᠵᠢᠯᠯᠠᠭ᠎ᠠ ᠶᠢᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠮᠠᠯ ᠡᠮᠨᠡᠯᠭᠡ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠤᠯᠠᠷᠢᠯ ᠪᠦᠷᠢ ᠮᠡᠳᠡᠭᠦᠯᠦᠨ ᠬᠦᠷᠭᠡᠨ᠎ᠡ ᠃      ᠬᠤᠷᠢᠨ ᠲᠠᠪᠤᠳᠤᠭᠠᠷ ᠵᠦᠢᠯ    ᠠᠶᠢᠮᠠᠭ ᠬᠤᠳᠠ ᠶᠢᠨ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ  ᠨᠢ ᠬᠠᠷᠢᠶ᠎ᠠ ᠣᠷᠣᠨ ᠤ ᠪᠠᠨ ᠳᠣᠲᠣᠷᠠᠬᠢ ᠬᠤᠰᠢᠭᠤ ᠰᠢᠶᠠᠨ ᠤ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠂ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠂ ᠪᠣᠭᠤᠮᠲᠠ ᠵᠡᠷᠭᠡ ᠰᠠᠯᠠᠭ᠎ᠠ ᠮᠥᠴᠢᠷ ᠂ ᠮᠠᠯ ᠤᠨ ᠡᠮ ᠦᠢᠯᠡᠳᠪᠦᠷᠢᠯᠡᠬᠦ ᠠᠵᠤ ᠠᠬᠤᠶᠢᠯᠠᠯ ᠤᠨ ᠲᠤᠷᠰᠢᠯᠲᠠ ᠶᠢᠨ ᠲᠠᠰᠤᠭ ᠵᠢᠴᠢ ᠭᠤᠷᠪᠠᠳᠠᠭᠢ ᠡᠲᠡᠭᠡᠳ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠂ ᠳᠠᠩᠰᠠᠯᠠᠭᠤᠯᠬᠤ ᠳᠦᠷᠢᠮ ᠢ ᠬᠡᠷᠡᠭᠵᠢᠭᠦᠯᠬᠦ ᠬᠡᠷᠡᠭᠲᠡᠢ᠃ ᠬᠤᠰᠢᠭᠤ ᠰᠢᠶᠠᠨ ᠤ ᠮᠠᠯ ᠡᠮᠨᠡᠯᠭᠡ ᠶᠢᠨ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠳᠣᠲᠣᠷᠠᠬᠢ ᠲᠡᠵᠢᠭᠡᠨ ᠦᠷᠡᠵᠢᠭᠦᠯᠬᠦ ᠲᠠᠯᠠᠪᠠᠶ᠂  ᠨᠢᠳᠤᠯᠤᠯᠳᠠ ᠶᠢᠨ ᠲᠠᠯᠠᠪᠠᠶ ᠪᠣᠯᠣᠨ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠦᠢᠯᠡᠳᠪᠦᠷᠢ ᠵᠡᠷᠭᠡ ᠥᠪᠡᠰᠦᠪᠡᠨ ᠪᠠᠶᠢᠭᠤᠯᠤᠭᠰᠠᠨ ᠥᠪᠡᠰᠦᠪᠡᠨ ᠪᠠᠶᠢᠴᠠᠭᠠᠬᠤ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      ᠬᠤᠷᠢᠨ ᠵᠢᠷᠭᠤᠳᠤᠭᠠᠷ ᠵᠦᠢᠯ    ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠬᠢᠨᠠᠯᠲᠠ ᠲᠠᠯᠪᠢᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠶ᠎ᠡ ᠳᠤ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠠᠪᠬᠤ ᠡᠷᠬᠡ ᠲᠠᠢ ᠄      ︵ ᠨᠢᠭᠡ ︶ ᠥᠷᠨᠢᠭᠦᠯᠦᠭᠰᠡᠨ ᠠᠮᠢᠲᠠᠨ ᠤ ᠬᠢᠵᠢᠭ ᠡᠪᠡᠳᠴᠢᠨ ᠢ ᠪᠠᠶᠢᠴᠠᠭᠠᠨ ᠬᠡᠮᠵᠢᠬᠦ ᠠᠵᠢᠯᠯᠠᠭ᠎ᠠ ᠶᠢ ᠲᠤᠬᠠᠢ ᠶᠢᠨ ᠭᠠᠵᠠᠷ ᠲᠤ  ᠨᠢ ᠪᠠᠶᠢᠴᠠᠭᠠᠬᠤ᠂ ᠪᠠᠶᠢᠳᠠᠯ ᠢ ᠤᠶᠢᠯᠠᠭᠠᠬᠤ᠂ ᠪᠠᠶᠢᠴᠠᠭᠠᠵᠤ ᠭᠡᠷᠡᠴᠢ ᠠᠪᠬᠤ ︔      ︵ ᠬᠤᠶᠠᠷ ︶ ᠠᠮᠢᠲᠠᠨ ᠤ ᠬᠢᠵᠢᠭ ᠡᠪᠡᠳᠴᠢᠨ ᠢ ᠪᠠᠶᠢᠴᠠᠭᠠᠨ ᠬᠡᠮᠵᠢᠬᠦ ᠠᠵᠢᠯᠯᠠᠭ᠎ᠠ ᠶᠢᠨ ᠶᠠᠰᠤ ᠴᠢᠨᠠᠷ ᠪᠠ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠪᠤᠶᠤ ᠬᠠᠭᠤᠯᠪᠤᠷᠢᠯᠠᠬᠤ᠂ ᠦᠯᠢᠭᠡᠷ ᠡᠳ᠋ ᠢ ᠴᠤᠭᠯᠠᠭᠤᠯᠬᠤ᠂ ᠪᠢᠲᠡᠭᠦᠮᠵᠢᠯᠡᠨ ᠬᠠᠳᠠᠭᠠᠯᠠᠬᠤ ︔      ︵ᠭᠤᠷᠪᠠ︶ ᠡᠪᠡᠳᠴᠢᠨ ᠡᠭᠦᠰᠬᠡᠭᠴᠢ ᠮᠢᠺᠷᠣᠪ ᠪᠠᠺᠲ᠋ᠧᠷᠢ ︵ᠬᠤᠣᠷ︶ ᠶᠢᠨ ᠦᠷ᠎ᠡ᠂ ᠥᠯᠢᠭᠡᠷ ᠡᠳ᠋ ᠢ ᠴᠤᠭᠯᠠᠭᠤᠯᠬᠤ᠂ ᠵᠦᠭᠡᠭᠡᠪᠦᠷᠢᠯᠡᠬᠦ ᠂ ᠬᠠᠳᠠᠭᠠᠯᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠃      ᠬᠤᠷᠢᠨ ᠳᠣᠯᠣᠳᠤᠭᠠᠷ ᠵᠦᠢᠯ    ᠭᠤᠷᠪᠠᠳᠡᠬᠢ ᠡᠲᠡᠭᠡᠳ ᠤᠨ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠨᠢ ᠲᠤᠷᠰᠢᠯᠲᠠ ᠶᠢᠨ ᠠᠵᠢᠯᠯᠠᠭ᠎ᠠ ᠪᠠ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠶᠢᠨ ᠭᠠᠷᠭᠠᠭᠰᠠᠨ ᠪᠠᠶᠢᠳᠠᠯ ᠢᠶᠠᠨ ᠰᠠᠷ᠎ᠠ ᠪᠦᠷᠢ ᠠᠶᠢᠮᠠᠭ ᠬᠤᠳᠠ ᠶᠢᠨ ᠮᠠᠯ ᠡᠮᠨᠡᠯᠭᠡ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠂ ᠴᠠᠭ ᠲᠤᠬᠠᠢ ᠳᠤ  ᠨᠢ ᠮᠡᠳᠡᠭᠦᠯᠦᠭᠰᠡᠨ ᠦᠭᠡᠢ ᠪᠠᠶᠢᠪᠠᠯ ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠭᠤᠯᠤᠨ᠎ᠠ ᠃      ᠬᠤᠷᠢᠨ ᠨᠠᠢᠮᠠᠳᠤᠭᠠᠷ ᠵᠦᠢᠯ    ᠣᠨᠣᠰᠢᠯᠠᠬᠤ ᠂ ᠬᠢᠨᠠᠨ ᠬᠡᠮᠵᠢᠬᠦ ᠂ ᠰᠢᠯᠭᠠᠨ ᠬᠡᠮᠵᠢᠬᠦ ᠶᠠᠪᠤᠴᠠ ᠳᠤ ᠂ ᠠᠮᠢᠲᠠᠨ ᠤ ᠬᠢᠵᠢᠭ ᠬᠠᠯᠳᠠᠪᠤᠷᠢᠯᠠᠭᠰᠠᠨ ᠪᠤᠶᠤ ᠬᠢᠵᠢᠭ ᠬᠠᠯᠳᠠᠪᠤᠷᠢᠯᠠᠭᠰᠠᠨ ᠰᠡᠵᠢᠭᠯᠡᠯ ᠲᠠᠢ ᠪᠠᠶᠢᠬᠤ ᠶᠢ ᠣᠯᠵᠤ ᠮᠡᠳᠡᠪᠡᠯ ᠂ ᠪᠠᠶᠢᠭ᠎ᠠ ᠭᠠᠵᠠᠷ ᠤᠨ ᠢᠶᠠᠨ ᠮᠠᠯ ᠡᠮᠨᠡᠯᠭᠡ ᠶᠢᠨ  ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠳᠤ ᠲᠡᠷᠡ ᠳᠠᠷᠤᠢ ᠳᠤ  ᠨᠢ ᠮᠡᠳᠡᠭᠦᠯᠬᠦ ᠬᠡᠷᠡᠭᠲᠡᠢ ᠂ ᠡᠷᠬᠡ ᠣᠯᠭᠤᠭᠰᠠᠨ ᠦᠭᠡᠢ ᠪᠣᠯ ᠠᠮᠢᠲᠠᠨ ᠤ ᠬᠢᠵᠢᠭ ᠤᠨ ᠪᠠᠶᠢᠳᠠᠯ ᠢ ᠨᠡᠶᠢᠲᠡᠯᠡᠵᠦ ᠪᠣᠯᠬᠤ ᠦᠭᠡᠢ ᠃ ᠳᠡᠪᠰᠢᠭᠦᠯᠦᠭᠰᠡᠨ ᠡᠷᠳᠡᠮ ᠰᠢᠨᠵᠢᠯᠡᠭᠡᠨ ᠤ ᠮᠡᠳᠡᠭᠦᠯᠦᠯᠲᠡ᠂ ᠨᠡᠶᠢᠲᠡᠯᠡᠭᠰᠡᠨ ᠬᠠᠮᠢᠶ᠎ᠠ ᠪᠦᠬᠦᠢ ᠵᠣᠬᠢᠶᠠᠯ ᠵᠢᠴᠢ ᠭᠠᠳᠠᠭᠠᠳᠤ ᠳᠤ ᠬᠠᠩᠭᠠᠭᠰᠠᠨ ᠲᠤᠷᠰᠢᠯᠲᠠ ᠶᠢᠨ ᠲᠠᠰᠤᠭ ᠤᠨ ᠰᠤᠳᠤᠯᠭᠠᠨ ᠤ ᠦᠷ᠎ᠡ ᠪᠦᠲᠦᠭᠡᠯ ᠳᠠᠬᠢ ᠠᠮᠢᠲᠠᠨ ᠤ ᠬᠢᠵᠢᠭ ᠤᠨ ᠪᠠᠶᠢᠳᠠᠯ ᠪᠤᠶᠤ ᠬᠢᠨᠠᠨ ᠬᠡᠮᠵᠢᠯᠲᠡ ᠶᠢᠨ ᠠᠷᠭ᠎ᠠ ᠴᠢᠨᠠᠷ ᠵᠡᠷᠭᠡ ᠳᠤ ᠬᠤᠯᠪᠣᠭᠳᠠᠪᠠᠯ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ᠬᠤᠷᠢ ᠶᠢᠰᠦᠳᠦᠭᠡᠷ ᠵᠦᠢᠯ    ᠬᠤᠳᠠᠯ ᠬᠠᠭᠤᠷᠮᠠᠭ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠬᠢᠵᠦ ᠥᠭᠭᠦᠭᠰᠡᠨ ᠂  ᠵᠦᠪᠰᠢᠶᠡᠷᠡᠯ ᠦᠭᠡᠢ ᠪᠠᠷ ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠠᠮᠢᠳᠠᠨ ᠤ ᠡᠪᠡᠳᠴᠢᠨ ᠡᠭᠦᠰᠬᠡᠬᠦ ᠮᠢᠺᠷᠣᠪ ᠤᠨ ᠲᠤᠷᠰᠢᠯᠲᠠ ᠶᠢᠨ ᠠᠵᠢᠯᠯᠠᠭ᠎ᠠ ᠥᠷᠨᠢᠭᠦᠯᠦᠭᠰᠡᠨ ᠂ ᠠᠮᠢᠳᠠᠨ ᠤ ᠬᠦᠨᠳᠦ ᠶᠡᠭᠡ ᠬᠢᠵᠢᠭ ᠡᠪᠡᠳᠴᠢᠨ ᠤ ᠮᠠᠲ᠋ᠧᠷᠢᠶᠠᠯ ᠢ ᠳᠤᠷ᠎ᠠ ᠪᠠᠷ ᠢᠶᠠᠨ ᠴᠤᠭᠯᠠᠭᠤᠯᠤᠭᠰᠠᠨ ᠂ ᠬᠡᠪᠴᠢᠶ᠎ᠡ ᠠᠴᠠ ᠬᠡᠲᠦᠷᠡᠭᠦᠯᠦᠨ ᠪᠠᠶᠢᠴᠠᠭᠠᠨ ᠬᠡᠮᠵᠢᠭᠰᠡᠨ ᠵᠡᠷᠭᠡ ᠦᠢᠯᠡ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠨ᠎ᠡ᠃      ᠲᠠᠪᠤᠳᠤᠭᠠᠷ ᠪᠦᠯᠦᠭ    ᠪᠠᠲᠤᠯᠠᠭ᠎ᠠ ᠶᠢᠨ ᠠᠷᠭ᠎ᠠ ᠬᠡᠮᠵᠢᠶ᠎ᠡ      ᠭᠤᠴᠢᠳᠤᠭᠠᠷ ᠵᠦᠢᠯ    ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠠᠮᠢᠳᠤ ᠪᠣᠳᠠᠰ ᠤᠨ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ ᠂ ᠨᠢᠭᠡᠳᠦᠯᠲᠡᠢ ᠲᠥᠯᠥᠪᠯᠡᠨ ᠨᠡᠶᠢᠳᠡ ᠳᠤ  ᠨᠢ ᠬᠠᠷᠠᠭᠠᠯᠵᠠᠵᠤ ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠠ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠂ ᠲᠤᠷᠰᠢᠯᠲᠠ ᠶᠢᠨ ᠠᠵᠢᠯᠲᠠᠨ ᠤ ᠡᠩᠨᠡᠭᠡ ᠪᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠦᠷᠢᠨᠰᠢᠭᠦᠯᠵᠦ ᠂ ᠲᠤᠷᠰᠢᠯᠲᠠ ᠶᠢᠨ ᠲᠠᠰᠤᠭ ᠤᠨ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠬᠤ ᠬᠡᠷᠡᠭᠲᠡᠢ᠃      ᠭᠤᠴᠢᠨ ᠨᠢᠭᠡᠳᠦᠭᠡᠷ ᠵᠦᠢᠯ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠲᠠᠨ ᠤ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯᠲᠠᠨ ᠤ ᠲᠦᠷ ᠴᠠᠭ ᠤᠨ ᠴᠢᠨᠠᠷᠲᠠᠢ ᠠᠵᠢᠯ ᠤᠨ ᠨᠥᠬᠦᠪᠦᠷᠢ ᠶᠢᠨ ᠪᠠᠷᠢᠮᠵᠢᠶ᠎ᠠ  ᠶᠢ ᠲᠣᠭᠲᠠᠭᠠᠬᠤ ᠲᠤᠬᠠᠢ ᠮᠡᠳᠡᠭᠳᠡᠯ︾ ᠢ ᠦᠨᠳᠦᠰᠦᠯᠡᠨ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠠᠶᠢᠭᠤᠯᠤᠭᠰᠠᠨ ᠨᠢᠭᠡᠴᠢ  ᠨᠢ ᠠᠮᠢᠲᠠᠨ ᠤ ᠬᠢᠵᠢᠭ ᠡᠪᠡᠳᠴᠢᠨ ᠢ ᠣᠨᠣᠰᠢᠯᠠᠬᠤ᠂ ᠬᠢᠨᠠᠨ ᠬᠡᠮᠵᠢᠬᠦ᠂ ᠪᠠᠶᠢᠴᠠᠭᠠᠨ ᠬᠡᠮᠵᠢᠬᠦ ᠵᠡᠷᠭᠡ ᠬᠠᠮᠢᠶ᠎ᠠ ᠪᠦᠬᠦᠢ ᠠᠵᠢᠯ ᠵᠢᠴᠢ ᠠᠵᠢᠯᠯᠠᠭᠤᠯᠵᠤ ᠪᠠᠲᠤᠯᠠᠬᠤ ᠵᠠᠷᠤᠳᠠᠯ ᠤᠨ ᠲᠠᠯ᠎ᠠ ᠪᠠᠷ ᠴᠢᠬᠤᠯᠠ ᠪᠦᠬᠦᠢ ᠳᠡᠮᠵᠢᠯᠭᠡ ᠦᠵᠡᠭᠦᠯᠵᠦ᠂ ᠨᠥᠬᠦᠴᠡᠯ ᠲᠠᠢ ᠭᠠᠵᠠᠷ ᠣᠷᠣᠨ ᠨᠢ ᠲᠠᠷᠢᠶᠠᠯᠠᠩ ᠤᠨ ᠬᠤᠣᠷ ᠬᠥᠨᠥᠭᠡᠯ ᠲᠠᠢ ᠡᠷᠡᠭᠦᠯᠵᠢᠯ ᠤᠨ ᠨᠡᠮᠡᠭᠦᠷᠢ ᠪᠠ ᠮᠠᠯ ᠠᠵᠤ ᠠᠬᠤᠢ ᠮᠠᠯ ᠡᠮᠨᠡᠯᠭᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠨᠡᠮᠡᠭᠦᠷᠢ ᠣᠯᠭᠤᠬᠤ ᠶᠢ ᠨᠠᠶᠢᠳᠠᠪᠤᠷᠢᠵᠢᠭᠤᠯᠤᠨ᠂ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃      ᠭᠤᠴᠢᠨ ᠬᠤᠶᠠᠳᠤᠭᠠᠷ ᠵᠦᠢᠯ    ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠪᠠ ᠲᠤᠷᠰᠢᠯᠲᠠ ᠶᠢᠨ ᠲᠠᠰᠤᠭ ᠪᠠᠶᠢᠭᠤᠯᠤᠭᠰᠠᠨ ᠨᠢᠭᠡᠴᠢ ᠵᠢᠯ ᠪᠦᠷᠢ ᠲᠤᠷᠰᠢᠯᠲᠠ ᠬᠢᠵᠦ ᠪᠠᠶᠢᠭ᠎ᠠ ᠬᠥᠮᠥᠰ ᠲᠤ ᠪᠣᠯᠪᠠᠰᠤᠷᠠᠭᠤᠯᠤᠯ ᠬᠢᠵᠦ ᠂ ᠲᠤᠷᠰᠢᠯᠲᠠ ᠶᠢᠨ ᠲᠠᠰᠤᠭ ᠤᠨ ᠮᠡᠷᠭᠡᠵᠢᠯ ᠤᠨ ᠵᠢᠷᠤᠮᠵᠢᠯ ᠂ ᠠᠵᠢᠯᠯᠠᠬᠤ ᠳᠦᠷᠢᠮ ᠂ ᠠᠮᠢᠳᠤ ᠪᠣᠳᠠᠰ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠮᠡᠳᠡᠯᠭᠡ ᠪᠠ ᠪᠣᠳᠠᠲᠠᠢ ᠠᠵᠢᠯᠯᠠᠬᠤ ᠤᠷ᠎ᠠ ᠴᠢᠳᠠᠪᠤᠷᠢ ᠶᠢ ᠡᠵᠡᠮᠰᠢᠬᠦ ᠶᠢ ᠨᠢ ᠪᠠᠲᠤᠯᠠᠬᠤ ᠶᠢᠨ ᠬᠠᠮᠲᠤ ᠬᠢᠨᠠᠨ ᠬᠡᠮᠵᠢᠵᠦ᠂ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ ᠰᠠᠶ᠋ᠢ ᠠᠵᠢᠯ ᠤᠨ ᠪᠠᠶᠢᠷᠢ ᠳᠤ ᠭᠠᠷᠭᠠᠵᠤ ᠪᠣᠯᠣᠨ᠎ᠠ ᠃      ᠵᠢᠷᠭᠤᠳᠤᠭᠠᠷ ᠪᠦᠯᠦᠭ    ᠳᠠᠭᠠᠯᠳᠣᠭᠤᠯᠣᠭᠰᠠᠨ ᠳᠦᠷᠢᠮ       ᠭᠤᠴᠢᠨ ᠭᠤᠷᠪᠠᠳᠤᠭᠠᠷ ᠵᠦᠢᠯ    ᠲᠤᠰ ᠠᠷᠭ᠎ᠠ ᠶᠢ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠤᠨ ᠮᠠᠯ ᠡᠮᠨᠡᠯᠭᠡ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ ᠃      ᠭᠤᠴᠢᠨ ᠳᠥᠷᠪᠡᠳᠦᠭᠡᠷ ᠵᠦᠢᠯ    ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠠᠷᠠᠭ᠎ᠠ ᠬᠡᠷᠡᠭᠵᠢᠭᠦᠯᠦᠨ᠎ᠡ ᠃  
 
ᠢᠷᠡᠯᠲᠡ᠄ ᠦᠪᠦᠷ ᠮᠤᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠡᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号