ᠰᠢᠷ᠎ᠠ ᠪᠤᠷᠴᠠᠭ ᠤᠨ ᠬᠢᠵᠢᠭ ᠤᠨ ᠬᠥᠭᠡᠴᠦ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2024/2/21
      ᠰᠢᠷ᠎ᠠ ᠪᠤᠷᠴᠠᠭ ᠤᠨ ᠬᠢᠵᠢᠭ ᠤᠨ ᠬᠥᠭᠡᠴᠦ ᠡᠪᠡᠳᠴᠢᠨ ᠪᠣᠯ ᠰᠢᠷ᠎ᠠ ᠪᠤᠷᠴᠠᠭ ᠤᠨ ᠬᠢᠵᠢᠭ ᠤᠨ ᠬᠥᠭᠡᠴᠦ ᠪᠠᠺᠲ᠋ᠧᠷᠢ ᠠᠴᠠ ᠡᠭᠦᠰᠦᠭᠰᠡᠨ ᠨᠢᠭᠡ ᠵᠦᠢᠯ ᠤᠨ ᠰᠢᠷ᠎ᠠ ᠪᠤᠷᠴᠠᠭ ᠤᠨ ᠦᠷᠡᠵᠢᠯ ᠤᠨ ᠡᠯ᠎ᠡ ᠬᠤᠭᠤᠴᠠᠭᠠᠨ ᠳᠤ ᠬᠠᠯᠳᠠᠪᠤᠷᠢᠯᠠᠨ᠂ ᠤᠨᠠᠯᠲᠠ ᠳᠤ ᠬᠦᠨᠳᠦ ᠨᠣᠴᠢᠲᠠᠢ ᠬᠤᠬᠢᠷᠠᠯ ᠤᠴᠠᠷᠠᠭᠤᠯᠳᠠᠭ ᠡᠪᠡᠳᠴᠢᠨ ᠤ ᠬᠥᠨᠥᠭᠡᠯ ᠪᠣᠯᠣᠨ᠎ᠠ᠂ ᠮᠠᠨ ᠤ ᠤᠯᠤᠰ ᠪᠦᠬᠦ ᠤᠯᠤᠰ ᠤᠨ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠬᠥᠨᠥᠭᠡᠯᠲᠡᠢ ᠠᠮᠢᠳᠤ ᠪᠣᠳᠠᠰ ᠤᠨ ᠨᠡᠷᠡᠰ ᠪᠠ ᠬᠢᠯᠢ ᠪᠠᠷ ᠣᠷᠣᠭᠤᠯᠬᠤ ᠬᠢᠵᠢᠭ ᠤᠨ ᠪᠠᠶᠢᠴᠠᠭᠠᠯᠲᠠ ᠶᠢᠨ ᠴᠢᠨᠠᠷᠲᠠᠢ ᠬᠥᠨᠥᠭᠡᠯᠲᠡᠢ ᠠᠮᠢᠳᠤ ᠪᠣᠳᠠᠰ ᠤᠨ ᠨᠡᠷᠡᠰ ᠲᠤ ᠣᠷᠣᠭᠤᠯᠤᠭᠰᠠᠨ ᠪᠠᠶᠢᠨ᠎ᠠ᠃ ᠰᠢᠷ᠎ᠠ ᠪᠤᠷᠴᠠᠭ ᠪᠣᠯ ᠮᠠᠨ ᠤ ᠣᠷᠣᠨ ᠤ ᠳᠠᠪᠠᠭᠤᠯᠢᠭ ᠣᠨᠴᠠᠯᠢᠭᠲᠤ ᠲᠠᠷᠢᠮᠠᠯ ᠪᠠᠶᠢᠵᠤ᠂ ᠳᠠᠷᠢᠬᠤ ᠲᠠᠯᠠᠪᠠᠶ ᠨᠢ ᠪᠥᠬᠦ ᠤᠯᠤᠰ ᠲᠤ ᠬᠤᠶᠠᠳᠤᠭᠠᠷ ᠲᠤ ᠤᠷᠤᠳᠠᠭ᠂ ᠡᠶᠢᠮᠦ ᠠᠴᠠ ᠰᠢᠷ᠎ᠠ ᠪᠤᠷᠴᠠᠭ ᠤᠨ ᠬᠢᠵᠢᠭ ᠤᠨ ᠬᠥᠭᠡᠴᠦ ᠡᠪᠡᠳᠴᠢᠨ ᠤ ᠮᠠᠨ ᠤ ᠣᠷᠣᠨ ᠤ ᠰᠢᠷ᠎ᠠ ᠪᠤᠷᠴᠠᠭ ᠤᠨ ᠦᠢᠯᠡᠳᠪᠦᠷᠢᠯᠡᠯ ᠳᠤ ᠦᠵᠡᠭᠦᠯᠬᠦ ᠰᠦᠷᠳᠡᠭᠦᠯᠦᠯ ᠢ ᠰᠡᠷᠡᠮᠵᠢᠯᠡᠵᠦ᠂ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠪᠣᠳᠠᠲᠠᠢ ᠬᠢᠬᠦ ᠠᠷᠭ᠎ᠠ ᠨᠢ ᠳᠣᠣᠷᠠᠬᠢ ᠮᠡᠲᠦ᠄      ᠨᠢᠭᠡ᠂ ᠬᠢᠵᠢᠭ ᠪᠠᠶᠢᠴᠠᠭᠠᠬᠤ ᠬᠢᠨᠠᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ      ᠰᠢᠷ᠎ᠠ ᠪᠤᠷᠴᠠᠭ ᠤᠨ ᠬᠢᠵᠢᠭ ᠤᠨ ᠬᠥᠭᠡᠴᠦ ᠡᠪᠡᠳᠴᠢᠨ ᠡᠭᠦᠰᠦᠭᠰᠡᠨ ᠣᠷᠣᠨ ᠤ ᠤᠷᠭᠤᠮᠠᠯ ᠤᠨ ᠬᠢᠵᠢᠭ ᠪᠠᠶᠢᠴᠠᠭᠠᠬᠤ ᠪᠠᠶᠢᠭᠤᠯᠤᠮᠵᠢ ᠨᠤᠭᠤᠳ ︽ᠰᠢᠷ᠎ᠠ ᠪᠤᠷᠴᠠᠭ ᠤᠨ ᠦᠷ᠎ᠡ ᠶᠢᠨ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠬᠤ ᠳᠦᠷᠢᠮ︾ ᠳᠤ ᠲᠣᠭᠲᠠᠭᠠᠭᠰᠠᠨ ᠴᠠᠭ᠂ ᠳᠠᠪᠲᠠᠮᠵᠢ ᠤᠳᠠᠭ᠎ᠠ ᠪᠣᠯᠣᠨ ᠬᠠᠮᠤᠷᠬᠤ ᠬᠡᠪᠴᠢᠶ᠎ᠡ ᠶᠢ ᠴᠢᠩᠭ᠎ᠠ ᠵᠢᠷᠤᠮᠯᠠᠨ ᠲᠠᠷᠢᠶᠠᠨ ᠭᠠᠵᠠᠷ ᠤᠨ ᠬᠢᠨᠠᠨ ᠬᠠᠮᠢᠶᠠᠷᠤᠯᠲᠠ ᠶᠢᠨ ᠪᠠᠶᠢᠴᠠᠭᠠᠯᠲᠠ ᠶᠢ ᠥᠷᠨᠢᠭᠦᠯᠵᠦ᠂ ᠡᠭᠦᠰᠦᠭᠰᠡᠨ ᠦᠭᠡᠢ ᠣᠷᠣᠨ ᠤ ᠤᠷᠭᠤᠮᠠᠯ ᠤᠨ ᠬᠢᠵᠢᠭ ᠪᠠᠶᠢᠴᠠᠭᠠᠬᠤ ᠪᠠᠶᠢᠭᠤᠯᠤᠮᠵᠢ ᠨᠤᠭᠤᠳ ᠡᠭᠦᠰᠦᠭᠰᠡᠨ ᠣᠷᠣᠨ ᠤ ᠰᠢᠷ᠎ᠠ ᠪᠤᠷᠴᠠᠭ ᠤᠨ ᠦᠷ᠎ᠡ ᠶᠢ ᠳᠠᠬᠢᠨ ᠪᠠᠶᠢᠴᠠᠭᠠᠬᠤ ᠶᠢ ᠭᠤᠣᠯᠳᠠᠯᠭ᠎ᠠ ᠲᠠᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠣᠯᠵᠤ ᠮᠡᠳᠡᠪᠡᠯ ᠦᠷ᠎ᠡ ᠪᠣᠯᠭᠠᠨ ᠬᠡᠷᠡᠭᠯᠡᠵᠦ ᠪᠣᠯᠬᠤ ᠦᠭᠡᠢ᠃ ᠰᠢᠷ᠎ᠠ ᠪᠤᠷᠴᠠᠭ ᠤᠨ ᠦᠷ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠠᠴᠠ ᠰᠢᠯᠵᠢᠭᠦᠯᠦᠨ ᠵᠥᠭᠡᠭᠡᠪᠦᠷᠢᠯᠡᠬᠦ ᠳᠤ ︽ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠦᠨᠡᠮᠯᠡᠯ︾ ᠢᠶᠠᠷ ᠢᠶᠠᠨ ︽ᠤᠷᠭᠤᠮᠠᠯ ᠤᠨ ᠬᠢᠵᠢᠭ ᠤᠨ ᠪᠠᠶᠢᠴᠠᠭᠠᠯᠲᠠ ᠶᠢᠨ ᠦᠨᠡᠮᠯᠡᠯ︾ ᠰᠣᠯᠢᠵᠤ ᠣᠯᠭᠤᠨ᠂ ᠦᠨᠡᠮᠯᠡᠯ ᠦᠭᠡᠢ ᠪᠠᠷ ᠰᠢᠯᠵᠢᠭᠦᠯᠦᠨ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃      ᠬᠤᠶᠠᠷ᠂ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠬᠤ ᠬᠡᠷᠡᠭᠲᠡᠢ      ︵ᠨᠢᠭᠡ︶ ᠲᠠᠷᠢᠶᠠᠯᠠᠩ ᠤᠨ ᠰᠡᠷᠭᠡᠶᠢᠯᠡᠨ ᠡᠵᠡᠮᠳᠡᠬᠦ᠃ ᠬᠢᠨᠠᠨ ᠬᠡᠮᠵᠢᠵᠦ ᠪᠠᠶᠢᠴᠠᠭᠠᠭᠠᠳ ᠣᠯᠵᠤ ᠮᠡᠳᠡᠭᠰᠡᠨ ᠬᠡᠰᠡᠭ ᠪᠤᠰᠠᠭ ᠡᠪᠡᠳᠴᠢᠨ ᠤ ᠰᠠᠭᠤᠷᠢ ᠶᠢ ᠴᠠᠭ ᠲᠤᠬᠠᠢ ᠳᠤᠨᠢ ᠰᠤᠭᠤᠯᠤᠨ ᠠᠪᠴᠤ᠂ ᠲᠥᠪᠯᠡᠷᠡᠭᠦᠯᠦᠨ ᠴᠡᠪᠡᠷᠯᠡᠬᠦ ᠬᠡᠷᠡᠭᠲᠡᠢ︔ ᠲᠠᠷᠢᠶᠠᠴᠢᠨ ᠡᠷᠦᠬᠡ ᠶᠢ ᠵᠢᠯᠣᠭᠤᠳᠤᠨ ᠥᠨᠳᠥᠷ ᠤᠨᠠᠯᠲᠠ ᠲᠠᠢ ᠡᠪᠡᠳᠴᠢᠨ ᠢ ᠡᠰᠡᠷᠭᠦᠴᠡᠬᠦ ᠡᠭᠦᠯᠳᠡᠷ ᠢ ᠰᠣᠩᠭᠤᠨ ᠬᠡᠷᠡᠭᠯᠡᠭᠦᠯᠦᠨ᠎ᠡ︔ ᠰᠢᠷ᠎ᠠ ᠪᠤᠷᠴᠠᠭ ᠤᠨ ᠬᠢᠵᠢᠭ ᠤᠨ ᠬᠦᠬᠡᠴᠦ ᠡᠪᠡᠳᠴᠢᠨ ᠡᠭᠦᠰᠦᠭᠰᠡᠨ ᠬᠦᠨᠳᠦ ᠭᠠᠵᠠᠷ ᠲᠤ ᠨᠠᠭᠠᠲᠤ ᠵᠠᠬ᠎ᠠ ᠳᠠᠭᠠᠨ 3 ᠵᠢᠯ ᠠᠴᠠ ᠳᠡᠭᠡᠭᠰᠢ ᠡᠭᠡᠯᠵᠢᠯᠡᠨ ᠳᠠᠷᠢᠬᠤ ᠶᠢ ᠬᠡᠷᠡᠭᠵᠢᠭᠦᠯᠦᠨ᠎ᠡ︔ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠨ᠂ ᠭᠦᠨ ᠰᠤᠯᠠᠷᠠᠭᠤᠯᠵᠤ ᠭᠠᠵᠠᠷ ᠲᠡᠭᠰᠢᠯᠡᠬᠦ ᠪᠤᠶᠤ ᠬᠠᠭᠠᠯᠪᠤᠷᠢᠯᠠᠵᠤ ᠭᠠᠵᠠᠷ ᠲᠡᠭᠰᠢᠯᠡᠬᠦ ᠠᠵᠢᠯ ᠢ ᠰᠠᠶᠢᠲᠤᠷ ᠬᠢᠵᠦ᠂ ᠳᠤᠮᠳᠠ ᠵᠡᠷᠭᠡ ᠶᠢᠨ ᠲᠠᠷᠢᠶᠠᠯᠠᠭ᠎ᠠ ᠶᠢᠨ ᠲᠤᠭ᠎ᠠ ᠶᠢ ᠨᠡᠮᠡᠭᠳᠡᠭᠦᠯᠦᠨ᠂ ᠤᠰᠤ᠂ ᠪᠣᠷᠳᠣᠭᠤᠷ ᠤᠨ ᠬᠠᠮᠢᠶᠠᠷᠤᠯᠲᠠ ᠶᠢ ᠴᠢᠩᠭᠠᠳᠬᠠᠵᠤ᠂ ᠬᠤᠲᠣᠭᠤᠷ ᠳᠣᠣᠷ᠎ᠠ᠂ ᠤᠰᠤ ᠲᠠᠲᠠᠷᠠᠭᠤᠯᠬᠤ ᠨᠢ ᠮᠠᠭᠤ ᠪᠤᠶᠤ ᠨᠠᠩᠭᠢ ᠰᠢᠷᠣᠢ ᠶᠢᠨ ᠬᠡᠰᠡᠭ ᠲᠤ ᠲᠠᠷᠢᠬᠤ ᠠᠴᠠ ᠵᠠᠶᠢᠯᠠᠰᠬᠢᠵᠦ᠂ ᠪᠣᠷᠣᠭᠠᠨ ᠤ ᠳᠠᠷᠠᠭ᠎ᠠ ᠬᠤᠷᠠᠭᠰᠠᠨ ᠤᠰᠤ ᠶᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃      ︵ᠬᠤᠶᠠᠷ︶ ᠬᠢᠮᠢ ᠶᠢᠨ ᠠᠷᠭ᠎ᠠ ᠪᠠᠷ ᠰᠡᠷᠭᠡᠶᠢᠯᠡᠨ ᠡᠵᠡᠮᠳᠡᠬᠦ᠃ ᠰᠢᠷ᠎ᠠ ᠪᠤᠷᠴᠠᠭ ᠢ ᠲᠠᠷᠢᠬᠤ ᠠᠴᠠ ᠡᠮᠦᠨ᠎ᠡ ᠵᠣᠬᠢᠬᠤ ᠡᠮ ᠢᠶᠠᠷ ᠵᠢᠭᠤᠷᠠᠪᠠᠯ ᠡᠪᠡᠳᠴᠢᠨ ᠤ ᠪᠠᠺᠲ᠋ᠧᠷᠢ ᠶᠢᠨ ᠬᠠᠯᠳᠠᠪᠤᠷᠢᠯᠠᠯ ᠢ ᠪᠦᠲᠦᠮᠵᠢᠲᠡᠢ ᠲᠤᠰᠠᠭᠠᠷᠯᠠᠵᠤ᠂ ᠰᠢᠷ᠎ᠠ ᠪᠤᠷᠴᠠᠭ ᠤᠨ ᠴᠢᠬᠢᠯᠡᠬᠦ ᠨᠤᠷᠮ᠎ᠠ ᠶᠢ ᠳᠡᠭᠡᠭᠰᠢᠯᠡᠭᠦᠯᠵᠦ ᠪᠣᠯᠤᠨ᠎ᠠ᠃ ᠡᠪᠡᠳᠴᠢᠨ ᠡᠭᠦᠰᠦᠭᠰᠡᠨ ᠭᠠᠵᠠᠷ ᠲᠤ ᠴᠠᠭ ᠲᠤᠬᠠᠢ  ᠳᠤᠨᠢ ᠴᠢᠭᠯᠡᠭᠦᠯᠬᠦ ᠴᠢᠨᠠᠷᠲᠠᠢ ᠡᠮ ᠤᠨ ᠨᠠᠶᠢᠷᠠᠯᠭ᠎ᠠ ᠶᠢ ᠬᠡᠷᠡᠭᠯᠡᠨ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ ᠡᠵᠡᠮᠳᠡᠵᠦ᠂ ᠬᠤᠣᠷ ᠬᠥᠨᠥᠭᠡᠯ ᠤᠨ ᠬᠤᠬᠢᠷᠠᠯ ᠢ ᠪᠠᠭᠠᠰᠬᠠᠨ᠂ ᠬᠢᠵᠢᠭ ᠤᠨ ᠲᠠᠷᠬᠠᠯᠲᠠ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号